ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠬᠥᠭ ᠠᠶᠠᠰ ᠢ ᠪᠠᠷᠢᠮᠲᠠᠯᠠᠨ᠂ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ | ᠪᠣᠳᠣᠯᠭ᠎ᠠ ᠶᠢ ᠵᠣᠬᠢᠴᠠᠯᠳᠤᠭᠤᠯᠤᠨ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠂ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠯᠡᠳᠲᠡ ᠳᠡᠭᠡᠭᠰᠢᠯᠡᠭᠦᠯᠵᠦ᠂ ᠠᠵᠤ ᠠᠬᠤᠢ ᠶᠢᠨ | ᠠᠵᠢᠯᠯᠠᠭᠠᠨ ᠢ ᠶᠡᠷᠦᠩᠬᠡᠢ ᠳᠤᠨᠢ ᠲᠣᠭᠲᠠᠭᠤᠨ ᠤ ᠳᠤᠮᠳᠠ ᠤᠷᠤᠭᠰᠢᠯᠠᠭᠤᠯᠤᠨ᠂ ᠲᠣᠭᠲᠠᠭᠤᠨ ᠤ ᠳᠤᠮᠳᠠ | ᠳᠡᠭᠡᠭᠰᠢᠯᠡᠭᠦᠯᠦᠭᠰᠡᠨ ᠪᠠᠶᠢᠨ᠎ᠠ᠃ ᠣᠶᠢᠷ᠎ᠠ ᠶᠢᠨ ᠬᠤᠭᠤᠴᠠᠭᠠᠨ ᠤ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠄ 1-11 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 17.4% ᠨᠡᠮᠡᠭᠳᠡᠪᠡ ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 79.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.2% ᠨᠡᠮᠡᠭᠳᠡᠪᠡ᠃ | ᠬᠤᠪᠣᠷ ᠰᠢᠷᠣᠢ ᠶᠢᠨ ᠠᠵᠤ ᠦᠢᠯᠡᠰ ᠠᠵᠤ ᠦᠢᠯᠡᠳᠪᠦᠷᠢ ᠶᠢᠨ ᠨᠡᠮᠡᠭᠳᠡᠯ ᠢ ᠬᠦᠳᠦᠯᠪᠠ | ᠦᠢᠯᠡᠳᠬᠦᠨ ᠤ ᠦᠷᠳᠡᠭ | 1-11 ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 18.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ | ᠬᠤᠲᠠ ᠶᠢᠨ 4.2 ᠵᠠᠭᠤᠨ ᠤ ᠨᠢᠭᠡᠴᠢ ᠥᠨᠳᠥᠷ ᠪᠣᠯᠵᠠᠢ᠃ ᠡᠭᠦᠨ ᠳᠤ᠂ ᠬᠤᠪᠣᠷ ᠰᠢᠷᠣᠢ ᠶᠢᠨ ᠠᠵᠤ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 12.5 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ | ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 43. | 8% ᠶᠢ ᠡᠵᠡᠯᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 46.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠴᠠ 28.1 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠪᠥᠬᠦ ᠲᠣᠭᠲᠠᠭᠠᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 17% ᠶᠢ ᠡᠵᠡᠯᠡᠪᠡ ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.9% ᠨᠡᠮᠡᠭᠳᠡᠵᠦ | ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 2.3 ᠵᠠᠭᠤᠨ ᠤ ᠨᠢᠭᠡᠴᠢ | ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠪᠥᠬᠦ ᠲᠣᠭᠲᠠᠭᠠᠯ ᠳᠠᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ 68.1% ᠶᠢ ᠡᠵᠡᠯᠡᠪᠡ᠃ | | | | | ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ | ᠪᠡᠯᠡ ᠣᠷᠣᠯᠠᠭᠤᠯᠳᠠ | 1-11 ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 17.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ | 0.3 ᠵᠠᠭᠤᠨ ᠤ ᠨᠢᠭᠡᠴᠢ ᠥᠨᠳᠥᠷ ᠪᠣᠯᠪᠠ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ | ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠲᠤ ᠦᠢᠯᠡᠳᠪᠦᠷᠢ ᠶᠢᠨ ᠪᠠᠶᠢᠰᠢᠩ ᠢ ᠠᠰᠢᠭᠯᠠᠯᠲᠠ ᠳᠤ | ᠣᠷᠣᠭᠤᠯᠬᠤ ᠶᠢ ᠳᠠᠭᠠᠯᠳᠤᠨ ᠱᠠᠩ ᡂᠢ ᠴᠠᠬᠢᠯᠭᠠᠨ᠂ ᠾᠧ ᠰᠢᠨ ᠰᠢᠨᠵᠢᠯᠡᠬᠦ ᠤᠬᠠᠭᠠᠨ ᠮᠡᠷᠭᠡᠵᠢᠯ᠂ ᠪᠠᠢ ᠵᠧᠩ | ᠴᠤᠸᠠᠩ ᠶᠤᠸᠠᠨ᠂ ᠶᠢᠦ ᠫᠦ᠋ ᠰᠧᠨ᠂ ᠯᠠᠨ ᠰᠢᠶᠠᠩ ᡁᠢ ᠴᠢᠣᠢ ᠵᠡᠷᠭᠡ ᠤᠯᠠᠨ ᠠᠵᠤ ᠠᠬᠤᠶᠢᠯᠠᠯ ᠣᠷᠣᠵᠤ ᠰᠠᠭᠤᠵᠤ | ᠂ 1 ︱ 11 ᠰᠠᠷ᠎ᠠ ᠳᠤ᠂ 117 ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ | ᠨᠡᠮᠡᠭᠳᠡᠯ ᠢ 18.6% ᠢᠶᠠᠷ ᠪᠡᠶᠡᠯᠡᠭᠦᠯᠦᠨ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 1.2 | ᠵᠠᠭᠤᠨ ᠤ ᠨᠢᠭᠡᠴᠢ ᠥᠨᠳᠥᠷ ᠪᠣᠯᠵᠤ᠂ ᠪᠦᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ 79% ᠲᠤ | ᠬᠦᠷᠦᠨ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 14.6 ᠵᠠᠭᠤᠨ ᠤ ᠨᠢᠭᠡᠴᠢ ᠨᠡᠮᠡᠭᠳᠡᠭᠦᠯᠵᠡᠢ᠃ | | | | | ᠬᠡᠷᠡᠭᠯᠡᠭᠡ ᠦᠷᠭᠦᠯᠵᠢᠯᠡᠨ ᠳᠡᠭᠡᠭᠰᠢᠯᠡᠪᠡ | ᠬᠡᠷᠡᠭᠯᠡᠭᠡ | 1 ︱ 11 ᠳ᠋ᠣᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 79.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.2% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 ︱ 10 ᠳ᠋ᠤᠭᠠᠷ ᠰᠠᠷ᠎ᠠ ᠶᠢᠨ ᠬᠢ ᠠᠴᠠ 0.3 | ᠵᠠᠭᠤᠨ ᠤ ᠨᠢᠭᠡᠴᠢ ᠲᠦᠷᠭᠡᠨ ᠪᠣᠯᠵᠤ᠂ ᠪᠥᠬᠦ ᠬᠤᠲᠠ ᠶᠢᠨ ᠠᠴᠠ 0.7 ᠵᠠᠭᠤᠨ ᠤ ᠨᠢᠭᠡᠴᠢ ᠥᠨᠳᠥᠷ ᠪᠣᠯᠪᠠ᠃ | ᠤᠯᠤᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠵᠢᠴᠢ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢᠨ ᠠᠬᠢᠭᠤᠯᠤᠯ ᠢᠶᠠᠷ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠬᠤ ᠶᠢ ᠳᠠᠶᠢᠴᠢᠯᠠᠬᠤ | ᠦᠢᠯᠡᠳᠦᠯ ᠤᠯᠠᠮ ᠨᠢᠭᠡ ᠠᠯᠬᠤᠮ ᠢᠯᠡᠷᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ | ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 46.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 18.3% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 94% ᠶᠢ ᠡᠵᠡᠯᠡᠵᠦ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ 17 ᠵᠠᠭᠤᠨ ᠤ ᠨᠢᠭᠡᠴᠢ | ᠨᠡᠮᠡᠭᠳᠡᠬᠦ ᠶᠢ ᠳᠠᠶᠢᠴᠢᠯᠠᠪᠠ᠃ | | | |