ᠥᠨᠥᠳᠥᠷ᠂ ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ | ISO56005 ᠳᠤ ᠰᠠᠭᠤᠷᠢᠯᠠᠭᠰᠠᠨ ︽ᠰᠢᠨ᠎ᠡ ᠶᠢ ᠡᠭᠦᠳᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠢᠶᠠᠷᠤᠯᠲᠠ ᠶᠢᠨ ᠴᠢᠳᠠᠪᠤᠷᠢ︾ ᠶᠢᠨ ᠨᠢᠭᠡᠳᠦᠭᠡᠷ ᠳᠡᠰ ᠤᠨ ᠦᠨᠡᠮᠯᠡᠯ ᠢ ᠣᠯᠵᠤ᠂ ᠪᠤᠭᠤᠲᠤ | ᠬᠤᠲᠠ ᠶᠢᠨ ᠠᠩᠬᠠᠳᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠰᠲ᠋ᠧᠮ ᠤᠨ ᠣᠯᠠᠨ | ᠤᠯᠤᠰ ᠤᠨ ︽ᠪᠠᠷᠢᠮᠵᠢᠶ᠎ᠠ ᠳᠤ ᠨᠡᠶᠢᠴᠡᠭᠰᠡᠨ︾ ᠠᠵᠤ ᠠᠬᠤᠶᠢᠯᠠᠯ ᠪᠣᠯᠤᠭᠰᠠᠨ ᠪᠠᠶᠢᠨ᠎ᠠ᠃ | | | | | ︽ᠰᠢᠨ᠎ᠡ ᠶᠢ ᠡᠭᠦᠳᠬᠦ ᠬᠠᠮᠢᠶᠠᠷᠤᠯᠲᠠ ︱ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠵᠦᠭᠯᠡᠭᠦᠷ ︵ISO56005︶︾ ᠢ ᠮᠠᠨ ᠤ ᠤᠯᠤᠰ ᠡᠩ ᠲᠡᠷᠢᠭᠦᠨ ᠳᠤ ᠳᠤᠷᠠᠳᠤᠨ | ᠭᠠᠷᠭᠠᠵᠤ ᠨᠡᠶᠢᠲᠡᠯᠡᠪᠡ᠃ 2023 ᠣᠨ ᠳᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ᠬᠢᠭᠡᠳ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ᠪᠢᠴᠢᠭ | ᠮᠠᠲ᠋ᠧᠷᠢᠶᠠᠯ ᠪᠠᠭᠤᠯᠭᠠᠵᠤ᠂ ᠠᠵᠤ ᠠᠬᠤᠶᠢᠯᠠᠯ ᠤᠨ ᠲᠣᠰ ᠣᠯᠠᠨ ᠤᠯᠤᠰ ᠤᠨ ᠪᠠᠷᠢᠮᠵᠢᠶ᠎ᠠ ᠶᠢ ᠳᠡᠯᠭᠡᠷᠡᠭᠦᠯᠦᠨ | ᠬᠡᠷᠡᠭᠯᠡᠬᠦ ᠶᠢ ᠰᠠᠨᠠᠭᠠᠴᠢᠯᠠᠪᠠ᠃ | | | | | ᠱᠤᠸᠠᠩ ᠯᠢᠶᠠᠩ ᠴᠠᠬᠢᠭᠤᠷ ᠤᠨ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠭᠤᠣᠯᠳᠠᠭᠤ ᠰᠢᠭᠤᠳ | ᠲᠠᠲᠠᠬᠤ ᠲᠠᠩ ᠲᠠᠯᠠᠰᠲᠤ ᠴᠠᠬᠢᠭᠤᠷ ᠤᠨ ᠰᠠᠪᠠᠭ᠎ᠠ ᠵᠢᠴᠢ ᠲᠠᠩ ᠲᠠᠯᠠᠰᠲᠤ ᠴᠠᠬᠢᠭᠤᠷ ᠤᠨ ᠢᠯᠲᠠᠰᠤ ᠶᠢ ᠰᠤᠳᠤᠯᠤᠨ | ᠨᠡᠭᠡᠭᠡᠬᠦ᠂ ᠪᠣᠯᠪᠠᠰᠤᠷᠠᠭᠤᠯᠬᠤ᠂ ᠦᠢᠯᠡᠳᠬᠦ᠂ ᠪᠣᠷᠣᠯᠠᠭᠤᠯᠬᠤ ᠠᠵᠢᠯ ᠬᠢᠵᠦ᠂ ᠲᠤᠰ ᠺᠣᠮᠫᠠᠨᠢ ᠶᠢᠨ ᠦᠢᠯᠡᠳᠪᠦᠷᠢᠯᠡᠭᠰᠡᠨ | ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠠᠭᠤᠷᠢ ᠮᠠᠲ᠋ᠧᠷᠢᠶᠠᠯ ᠢ ᠨᠡᠷᠡᠨ ᠤ ᠡᠨᠧᠷᠭᠢ ᠶᠢᠨ ᠬᠦᠷᠢᠶᠡᠨ ᠳᠤ | ᠥᠷᠭᠡᠨ ᠢᠶᠠᠷ ᠬᠡᠷᠡᠭᠯᠡᠵᠦ᠂ ᠵᠠᠬ᠎ᠠ ᠳᠡᠯᠭᠡᠭᠦᠷ ᠤᠨ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ | ᠺᠣᠮᠫᠠᠨᠢ ᠨᠢ ᠤᠯᠤᠰ ᠤᠨ ᠰᠠᠨᠠᠭᠠᠴᠢᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠢᠭᠡᠯᠬᠡᠨ ᠵᠢᠯ ᠤᠨ | ᠬᠤᠭᠤᠴᠠᠭᠠᠨ ᠳᠤ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠱᠠᠭᠠᠷᠳᠠᠯᠭ᠎ᠠ︾ ︵GB/T 29490-2023 | ︶ ᠶᠢᠨ ᠤᠯᠤᠰ ᠤᠨ ᠪᠠᠷᠢᠮᠵᠢᠶ᠎ᠠ ᠪᠠ ︽ᠰᠢᠨ᠎ᠡ ᠶᠢ ᠡᠭᠦᠳᠬᠦ ᠬᠠᠮᠢᠶᠠᠷᠤᠯᠲᠠ - ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠦᠭᠯᠡᠭᠦᠷ ︵ISO56005︶︾ ᠤᠨ ᠤᠯᠠᠨ ᠤᠯᠤᠰ ᠤᠨ | ᠪᠠᠷᠢᠮᠵᠢᠶ᠎ᠠ ᠶᠢᠨ ᠬᠤᠣᠰ ᠭᠡᠷᠡᠴᠢᠯᠡᠯᠲᠡ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠪᠠᠷ | ᠳᠠᠮᠵᠢᠭᠤᠯᠤᠨ ᠮᠡᠷᠭᠡᠵᠢᠯ ᠤᠨ ᠲᠠᠯ᠎ᠠ ᠪᠠᠷ ᠨᠡᠶᠢᠳᠡ 146 ᠵᠦᠢᠯ ᠤᠨ ᠡᠷᠬᠡ ᠣᠯᠭᠤᠭᠰᠠᠨ ᠲᠤᠰᠬᠠᠢ ᠠᠰᠢᠭ ᠤᠨ | ᠡᠷᠬᠡ ᠶᠢ ᠣᠯᠵᠠᠢ᠂ ᠡᠭᠦᠨ ᠳᠤ ᠡᠭᠦᠳᠦᠯᠲᠡ ᠶᠢᠨ ᠲᠤᠰᠬᠠᠢ ᠠᠰᠢᠭ ᠤᠨ ᠡᠷᠬᠡ 5 ᠵᠦᠢᠯ᠂ ᠬᠡᠷᠡᠭᠯᠡᠭᠡᠨ ᠤ ᠰᠢᠨ᠎ᠡ | ᠬᠡᠯᠪᠡᠷᠢ ᠶᠢᠨ ᠡᠷᠬᠡ 141 ᠵᠦᠢᠯ ᠪᠤᠢ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠠᠷᠢᠶ᠎ᠠ ᠣᠷᠣᠨ ᠤ ᠪᠠᠨ ᠠᠵᠤ | ᠠᠬᠤᠶᠢᠯᠠᠯ ᠳᠤ ᠦᠷᠭᠦᠯᠵᠢᠯᠡᠨ ᠮᠥᠷᠳᠡᠯᠲᠡ ᠶᠢᠨ ᠦᠢᠯᠡᠴᠢᠯᠡᠭᠡ ᠬᠠᠩᠭᠠᠵᠤ᠂ ᠥᠨᠳᠥᠷ ᠦᠷᠳᠡᠭ ᠲᠠᠢ ᠲᠤᠰᠬᠠᠢ | ᠠᠰᠢᠭ ᠢ ᠪᠣᠶᠢᠵᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ᠂ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠠᠭᠠᠯᠠᠵᠤ᠂ ︽ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ | ᠬᠦᠴᠦᠷᠬᠡᠭ ᠤᠯᠤᠰ ᠢ ᠪᠠᠶᠢᠭᠤᠯᠬᠤ ᠲᠤᠷᠰᠢᠯᠲᠠ ᠶᠢᠨ ᠬᠦᠷᠢᠶᠡᠯᠡᠩ ᠲᠣᠭᠤᠷᠢᠭ︾ ᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ᠃ |