ᠪᠥᠬᠦ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ | ᠪᠠᠲᠤᠯᠠᠵᠤ᠂ ᠠᠶᠤᠯᠭᠦᠶ ᠦᠶ᠋ᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 12 | ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠭᠦᠸᠧ ᠰᠢᠶᠤᠤ ᠳ᠋ᠦᠩ ᠪᠠᠯᠭᠠᠰᠤᠨ ᠤ ᠳᠠᠷᠤᠭ᠎ᠠ᠂ ᠯᠢ | ᠾᠦᠢ ᠳᠡᠳ᠋ ᠪᠠᠯᠭᠠᠰᠤᠨ ᠳᠠᠷᠤᠭ᠎ᠠ 12 ᠰᠠᠷ᠎ᠠ ᠶᠢᠨ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠬᠤᠷᠠᠯ ᠢ | ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠠᠯᠭᠠᠰᠤᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ | ᠲᠣᠰᠬᠤᠨ᠂ ᠨᠡᠶᠢᠭᠡᠮ ᠲᠣᠭᠤᠷᠢᠭ ᠤᠨ ᠱᠦᠵᠢ᠂ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠬᠢᠭᠡᠳ ᠠᠮᠤᠷ ᠲᠦᠪᠰᠢᠨ ᠤ ᠬᠢᠨᠠᠨ ᠪᠠᠶᠢᠴᠠᠭᠠᠭᠴᠢ ᠬᠤᠷᠠᠯ ᠳᠤ ᠣᠷᠣᠯᠴᠠᠵᠠᠶ᠃ ᠳᠡᠭᠡᠳᠦ | ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠦᠬᠦ ᠵᠢᠯ ᠤᠨ ᠠᠵᠢᠯ ᠢᠶᠠᠨ | ᠳ᠋ᠦᠩᠨᠡᠪᠡ᠃ | ᠯᠢ ᠾᠦᠢ ᠳᠡᠳ᠋ ᠪᠠᠯᠭᠠᠰᠤᠨ ᠳᠠᠷᠤᠭ᠎ᠠ ᠳᠡᠭᠡᠳᠦ ᠱᠠᠲᠤᠨ ᠤ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠱᠠᠲᠤᠨ ᠤ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ | ᠪᠣᠳᠠᠲᠠᠶᠢᠵᠢᠭᠤᠯᠵᠤ᠂ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠬᠢᠵᠦ᠂ ᠵᠢᠯ ᠤᠨ ᠡᠴᠦᠰ | ᠵᠢᠯ ᠤᠨ ᠡᠬᠢᠨ ᠤ ᠡᠨᠡ ᠬᠦ ᠵᠠᠩᠭᠢᠯᠠᠭ᠎ᠠ ᠶᠢᠨ ᠦᠶ᠎ᠡ ᠳᠤ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ | ᠪᠠᠶᠢᠴᠠᠭᠠᠯᠲᠠ ᠵᠡᠷᠭᠡ ᠴᠢᠬᠤᠯᠠ ᠠᠵᠢᠯ ᠢ ᠰᠠᠶᠢᠲᠤᠷ ᠬᠢᠭᠰᠡᠨ ᠪᠥᠭᠡᠳ 2024 ᠣᠨ ᠤ ᠪᠦᠬᠦ ᠵᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠳ᠋ᠦᠩᠨᠡᠬᠦ ᠬᠡᠷᠡᠭᠲᠡᠢ ᠭᠡᠵᠦ ᠴᠢᠬᠤᠯᠠᠴᠢᠯᠠᠪᠠ᠃ ᠥᠩᠭᠡᠷᠡᠭᠰᠡᠨ ᠨᠢᠭᠡ | ᠵᠢᠯ ᠳᠤ ᠠᠮᠤᠷ ᠲᠦᠪᠰᠢᠨ ᠤ ᠳᠦᠷᠢᠮ ᠤᠨ ᠪᠠᠶᠢᠭᠤᠯᠤᠯᠲᠠ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠡᠷᠭᠡ ᠲᠠᠯ᠎ᠠ ᠪᠠᠷ ᠣᠯᠤᠭᠰᠠᠨ ᠢᠯᠡᠳᠲᠡ ᠦᠷ᠎ᠡ ᠪᠦᠲᠦᠮᠵᠢ ᠶᠢ | ᠳ᠋ᠦᠩᠨᠡᠬᠦ ᠶᠢᠨ ᠬᠠᠮᠲᠤ ᠳᠠᠷᠠᠭ᠎ᠠ ᠰᠠᠷ᠎ᠠ ᠶᠢᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠦ᠂ ᠡᠯ᠎ᠡ | ᠰᠠᠯᠠᠭ᠎ᠠ ᠮᠥᠴᠢᠷ ᠤᠨ ᠭᠤᠣᠯ ᠡᠭᠦᠷᠭᠡ ᠬᠢᠭᠡᠳ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠡᠮᠬᠢ ᠵᠢᠷᠤᠮ ᠲᠠᠢ ᠵᠣᠯᠭᠠᠭᠤᠯᠵᠤ᠂ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ | ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ | ᠬᠦᠴᠦᠨ ᠢᠶᠠᠨ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠠᠵᠤ ᠠᠬᠤᠶᠢᠯᠠᠯ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ | ᠭᠦᠸᠧ ᠰᠢᠶᠣᠣ ᠳ᠋ᠦᠩ ᠪᠠᠯᠭᠠᠰᠤᠨ ᠤ ᠳᠠᠷᠤᠭ᠎ᠠ ᠵᠢᠭᠠᠵᠤ ᠭᠠᠷᠭᠠᠭᠰᠠᠨ ᠨᠢ᠂ ᠨᠢᠭᠡ ᠳᠤ᠂ ᠡᠯ᠎ᠡ ᠰᠠᠯᠠᠭ᠎ᠠ | ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠬᠡ ᠳᠠᠩᠰᠠ ᠪᠣᠯᠣᠨ ᠮᠠᠲ᠋ᠧᠷᠢᠶᠠᠯ ᠢ ᠡᠮᠬᠢᠯᠡᠨ | ᠲᠡᠭᠦᠯᠳᠡᠷᠵᠢᠭᠦᠯᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠥᠷᠨᠢᠭᠦᠯᠵᠦ᠂ ᠬᠠᠷᠢᠭᠤᠴᠠᠯᠭ᠎ᠠ ᠶᠢ | ᠬᠥᠮᠥᠨ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠭᠠᠯ ᠤᠨ ᠠᠶᠤᠯ ᠤᠨ ᠲᠦᠭᠰᠢᠭᠦᠷᠢ ᠳᠤ ᠴᠢᠭᠯᠡᠭᠦᠯᠦᠨ | ᠂ ︽ᠶᠢᠰᠦᠨ ᠪᠠᠭ᠎ᠠ ᠲᠠᠯᠠᠪᠤᠷ︾᠂ ᠬᠤᠭᠤᠯᠠᠨ ᠭᠡᠷ ᠵᠡᠷᠭᠡ ᠠᠶᠤᠯ ᠶᠡᠬᠡᠲᠡᠢ ᠭᠤᠣᠯᠳᠠᠯᠭ᠎ᠠ ᠲᠠᠢ ᠲᠠᠯᠠᠪᠤᠷ ᠭᠠᠵᠠᠷ ᠲᠤ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠠᠶᠤᠯ ᠤᠨ ᠳᠠᠯᠳᠠ ᠭᠡᠮ ᠤᠨ ᠡᠬᠢ | ᠰᠤᠷᠪᠤᠯᠵᠢ ᠶᠢ ᠴᠢᠩᠭ᠎ᠠ ᠠᠩᠬᠠᠷᠴᠤ᠂ ᠭᠠᠯ ᠨᠣᠴᠣᠭᠠᠵᠤ ᠠᠵᠢᠯᠯᠠᠬᠤ ᠪᠠ ᠢᠯᠡ ᠭᠠᠯ ᠲᠤᠯᠠᠭᠠᠴᠠᠬᠤ ᠶᠢ | ᠵᠢᠷᠤᠮᠵᠢᠭᠤᠯᠬᠤ ᠬᠡᠷᠡᠭᠲᠡᠢ᠃ ᠭᠤᠷᠪᠠ ᠳᠤ ᠬᠤᠸᠠᠷ ᠫᠤᠤᠵᠢᠩ ᠢ ᠴᠢᠩᠭ᠎ᠠ ᠬᠠᠮᠢᠶᠠᠷᠤᠨ ᠡᠵᠡᠮᠳᠡᠵᠦ᠂ ᠬᠠᠤᠯᠢ | ᠪᠤᠰᠤ ᠪᠠᠷ ᠬᠠᠳᠠᠭᠠᠯᠠᠬᠤ᠂ ᠪᠣᠷᠣᠯᠠᠭᠤᠯᠬᠤ᠂ ᠲᠠᠯᠪᠢᠬᠤ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠬᠦ ᠶᠢᠨ | ᠬᠠᠮᠲᠤ ᠳᠡᠭᠡᠭᠰᠢ ᠮᠡᠳᠡᠭᠦᠯᠵᠦ᠂ ᠠᠮᠤᠷ ᠲᠦᠪᠰᠢᠨ ᠤ ᠳᠠᠯᠳᠠ ᠭᠡᠮ ᠢ ᠬᠤᠷᠢᠭᠯᠠᠪᠠ᠃ ᠳᠥᠷᠪᠡ ᠳᠤ᠂ ᠠᠷᠠᠳ ᠤᠨ | ᠠᠮᠢᠳᠤᠷᠠᠯ ᠤᠨ ᠨᠠᠷᠢᠨ ᠵᠦᠢᠯᠡᠰ ᠢ ᠠᠩᠬᠠᠷᠴᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠣᠷᠣᠨ ᠪᠦᠰᠡ ᠶᠢ ᠵᠦᠶ ᠵᠣᠬᠢᠰᠲᠠᠶ | ᠲᠥᠯᠥᠪᠵᠢᠭᠦᠯᠦᠨ᠎ᠡ᠃ ᠲᠠᠪᠤ ᠳᠤ᠂ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ᠂ | ᠬᠠᠲᠤᠨ ᠭᠤᠤᠯ ᠤᠨ ᠮᠥᠰᠥ ᠬᠥᠯᠳᠡᠭᠰᠡᠨ ᠬᠤᠭᠤᠴᠠᠭᠠᠨ ᠳᠤ ᠵᠢᠭᠤᠯᠴᠢᠯᠠᠭᠴᠢᠳ ᠤᠨ ᠮᠥᠰᠥᠨ ᠲᠠᠯ᠎ᠠ ᠠᠴᠠ ᠬᠤᠯᠠ | ᠵᠠᠶᠢᠳᠠᠬᠤ ᠶᠢ ᠰᠠᠨᠠᠭᠤᠯᠬᠤ ᠶᠢᠨ ᠬᠠᠮᠲᠤ ᠠᠵᠤ ᠠᠬᠤᠶᠢᠯᠠᠯ ᠤᠨ ᠪᠠᠶᠠᠷ ᠤᠨ ᠡᠳᠦᠷ ᠤᠨ ᠬᠤᠭᠤᠴᠠᠭᠠᠨ ᠳᠤ ᠠᠮᠤᠷ | ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠶᠢ ᠰᠢᠮᠳᠠᠭᠤᠯᠵᠤ᠂ ᠦᠢᠯᠡᠳᠪᠦᠷᠢᠯᠡᠯ ᠤᠨ | ᠠᠷᠭ᠎ᠠ ᠮᠠᠶ᠋ᠢᠭ ᠢᠶᠠᠨ ᠵᠦᠶ ᠵᠣᠬᠢᠰᠲᠠᠶ ᠳᠣᠭᠢᠷᠠᠭᠤᠯᠤᠨ᠂ ᠠᠶᠤᠯᠭᠦᠶ ᠦᠢᠯᠡᠳᠪᠦᠷᠢᠯᠡᠯ ᠢ ᠦᠨᠡᠨ ᠬᠦ ᠪᠠᠲᠤᠯᠠᠬᠤ | ᠬᠡᠷᠡᠭᠲᠡᠶ᠃ | ᠲᠤᠰ ᠤᠳᠠᠭ᠎ᠠ ᠶᠢᠨ ᠬᠤᠷᠠᠯ ᠠᠴᠠ ᠪᠦᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠷ᠎ᠡ | ᠪᠦᠲᠦᠭᠡᠯ ᠢ ᠳ᠋ᠦᠩᠨᠡᠭᠰᠡᠨ ᠪᠥᠭᠡᠳ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠴᠢᠭᠯᠡᠯ ᠢ | ᠲᠣᠭᠲᠠᠭᠠᠵᠤ᠂ ᠡᠯ᠎ᠡ ᠲᠣᠰᠬᠤᠨ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠤ ᠬᠤᠷᠢᠭ᠎ᠠ ᠱᠤᠭᠤᠮ ᠤᠨ | ᠰᠡᠳᠬᠢᠬᠦᠢ ᠶᠢ ᠦᠷᠭᠦᠯᠵᠢᠯᠡᠨ ᠪᠠᠲᠤ ᠪᠤᠢ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ | ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠡᠭᠦᠷᠭᠡ ᠶᠢ ᠪᠦᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ |