︽ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ︾ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠨᠢ ᠬᠠᠶᠢᠷ᠎ᠠ ᠳᠤ ᠰᠠᠭᠠᠳ ᠦᠭᠡᠢ ᠪᠣᠯᠭᠠᠵᠤ᠂ ᠭᠡᠷ ᠪᠦᠯᠢ  ᠶᠢ ᠨᠡᠩ ᠳᠤᠯᠠᠭᠠᠬᠠᠨ ᠪᠣᠯᠭᠠᠨ᠎ᠠ
ᠨᠡᠶᠢᠲᠡᠯᠡᠭᠰᠡᠨ ᠴᠠᠭ᠄
2024/12/30
    ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠤᠬᠠᠢ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠬᠤ ᠶᠢᠨ ᠲᠥᠯᠥᠭᠡ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠭᠡᠷ ᠪᠦᠯᠢ ᠶᠢᠨ ᠨᠠᠰᠤᠵᠢᠯᠲᠠ ᠶᠢ ᠥᠭᠡᠷᠡᠴᠢᠯᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠬᠤ ᠶᠢᠨ ᠵᠣᠷᠢᠯᠭ᠎ᠠ ᠨᠢ ᠠᠯᠢ ᠤᠯᠠᠨ ᠨᠠᠷᠢᠨ ᠨᠢᠮᠪᠠᠢ ᠥᠭᠡᠷᠡᠴᠢᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠬᠠᠷᠢᠶᠠᠲᠤ ᠣᠷᠣᠨ ᠤ ᠨᠠᠰᠤᠲᠠᠶᠢᠴᠤᠳ ᠲᠤ ᠨᠡᠩ ᠠᠮᠤᠷ ᠲᠦᠪᠰᠢᠨ᠂ ᠲᠠᠭᠠᠯᠠᠮᠵᠢᠲᠠᠢ᠂ ᠳᠥᠭᠦᠮ ᠳᠥᠲᠡ ᠭᠡᠷ ᠪᠦᠯᠢ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠶᠢᠨ ᠲᠥᠯᠥᠭᠡ ᠶᠤᠮ᠃     ᠨᠠᠰᠤᠵᠢᠯᠲᠠ ᠶᠢᠨ ᠥᠭᠡᠷᠡᠴᠢᠯᠡᠯᠲᠡ ᠶᠢ ᠦᠵᠡᠬᠦ ᠳᠤ ᠪᠠᠭ᠎ᠠ ᠰᠢᠭ᠋ ᠪᠣᠯᠪᠠᠴᠤ ᠭᠠᠵᠠᠷ ᠪᠣᠯᠭᠠᠨ ᠳᠤ ᠨᠠᠰᠤᠲᠠᠶᠢᠴᠤᠳ ᠢ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ ᠪᠠᠶᠢᠨ᠎ᠠ᠃ ᠡᠮᠦᠨᠡᠬᠢ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠦᠷᠦᠭᠵᠢᠯ ᠢ ᠳᠠᠮᠵᠢᠭᠤᠯᠤᠨ ᠲᠠᠷᠬᠠᠭᠠᠬᠤ᠂ ᠤᠬᠠᠭᠤᠯᠭ᠎ᠠ ᠶᠢᠨ ᠪᠤᠯᠤᠩ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠤᠵᠢᠯᠲᠠ ᠳᠤ ᠲᠣᠬᠢᠷᠠᠬᠤ ᠤᠬᠠᠭᠤᠯᠭ᠎ᠠ ᠶᠢ ᠥᠷᠨᠢᠭᠦᠯᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠡᠮᠦᠨᠡᠬᠢ ᠬᠤᠭᠤᠴᠠᠭᠠᠨ ᠤ ᠤᠬᠠᠭᠤᠯᠭ᠎ᠠ ᠪᠠᠷ ᠳᠠᠮᠵᠢᠭᠠᠳ 56 ᠨᠠᠰᠤᠲᠠᠨ ᠨᠢᠭᠡᠨᠲᠡ ᠠᠩᠬ᠎ᠠ ᠠᠯᠬᠤᠮ ᠤᠨ ᠭᠤᠶᠤᠴᠢᠯᠠᠯ ᠭᠠᠷᠭᠠᠭᠰᠠᠨ ᠪᠠᠶᠢᠨ᠎ᠠ᠃
   ᠰᠡᠳᠬᠢᠯ ᠢ ᠳᠤᠯᠠᠭᠠᠴᠠᠭᠤᠯᠳᠠᠭ ᠨᠢ ᠲᠥᠷᠥ ᠶᠢᠨ ᠪᠣᠳᠣᠯᠭ᠎ᠠ ᠲᠡᠳᠦᠢ ᠪᠢᠰᠢ᠂ ᠨᠠᠩ ᠴᠤ ᠦᠶᠯᠡ ᠠᠵᠢᠯᠯᠠᠭ᠎ᠠ ᠮᠥᠨ᠂ ᠠᠩᠬ᠎ᠠ ᠠᠯᠬᠤᠮ ᠭᠤᠶᠤᠴᠢᠯᠠᠭᠰᠠᠨ ᠤ ᠳᠠᠷᠠᠭ᠎ᠠ᠂ ᠭᠤᠷᠪᠠᠳᠠᠭᠢ ᠡᠲᠡᠭᠡᠳ ᠪᠠ ᠨᠡᠶᠢᠭᠡᠮ ᠲᠣᠭᠤᠷᠢᠭ ᠤᠨ ᠠᠵᠢᠯᠲᠠᠨ ᠡᠷᠦᠬᠡ ᠳᠤ ᠬᠦᠷᠴᠦ ᠦᠨᠡᠯᠡᠨ ᠵᠢᠱᠢᠯᠲᠡ ᠬᠢᠵᠦ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠪᠠᠶᠢᠳᠠᠯ ᠪᠠ ᠠᠮᠢᠳᠤᠷᠠᠯ ᠤᠨ ᠬᠡᠷᠡᠭᠴᠡᠭᠡ ᠶᠢ ᠦᠨᠳᠦᠰᠦᠯᠡᠨ᠂ ᠥᠪᠡᠷᠮᠢᠴᠡ ᠣᠨᠴᠠᠯᠢᠭ ᠲᠠᠢ ᠭᠡᠷ ᠪᠦᠯᠢ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠭᠰᠠᠨ ᠪᠠᠶᠢᠨ᠎ᠠ᠃ ᠥᠭᠡᠷᠡᠴᠢᠯᠡᠬᠦ ᠠᠭᠤᠯᠭ᠎ᠠ ᠳᠤ ᠭᠠᠵᠠᠷ ᠳᠡᠭᠡᠷᠡᠬᠢ ᠬᠠᠯᠲᠤᠷᠢᠬᠤ   ᠠᠴᠠ ᠰᠡᠷᠭᠡᠶᠢᠯᠡᠬᠦ᠂ ᠲᠦᠰᠢᠭᠦᠷ   ᠢ ᠨᠡᠮᠡᠬᠦ᠂ ᠠᠷᠢᠭᠤᠨ ᠴᠡᠪᠡᠷ ᠤᠨ ᠲᠠᠰᠤᠯᠭ᠎ᠠ ᠳᠤ ᠰᠠᠭᠠᠳ ᠦᠭᠡᠢ ᠥᠭᠡᠷᠡᠴᠢᠯᠡᠬᠦ᠂ ᠭᠡᠷᠡᠯᠲᠦᠭᠦᠯᠭᠡ   ᠶᠢᠨ ᠰᠢᠰᠲ᠋ᠧᠮ   ᠢ ᠰᠢᠯᠢᠳᠡᠭᠵᠢᠭᠦᠯᠬᠦ ᠵᠡᠷᠭᠡ ᠣᠯᠠᠨ ᠲᠠᠯ᠎ᠠ   ᠶᠢ ᠬᠠᠮᠤᠷᠴᠤ᠂ ᠨᠠᠰᠤᠲᠠᠶᠢᠴᠤᠳ ᠲᠤ ᠭᠡᠷ ᠪᠦᠯᠢ   ᠶᠢᠨ ᠬᠡᠷᠡᠭᠴᠡᠭᠡ ᠳᠤ ᠨᠠᠩ ᠨᠡᠶᠢᠴᠡᠬᠦ ᠥᠭᠡᠷᠡᠴᠢᠯᠡᠯᠲᠡ   ᠶᠢ ᠬᠠᠩᠭᠠᠵᠤ᠂ ︽ᠨᠠᠰᠤᠲᠠᠶᠢᠴᠤᠳ ᠲᠤ ᠲᠣᠬᠢᠷᠠᠬᠤ︾ ᠥᠭᠡᠷᠡᠴᠢᠯᠡᠯᠲᠡ   ᠶᠢ ᠦᠨᠡᠨᠬᠦ ᠪᠡᠶᠡᠯᠡᠭᠦᠯᠵᠦ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ   ᠶᠢ ᠨᠠᠩ ᠢᠯᠡᠭᠦᠦ ᠳᠤᠯᠠᠭᠠᠬᠠᠨ ᠪᠣᠯᠭᠠᠨ᠎ᠠ᠃ ᠵᠠᠯᠭᠠᠭᠠᠳ ᠭᠤᠷᠪᠠᠳᠠᠭᠢ ᠡᠲᠡᠭᠡᠳ ᠠᠴᠠ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠪᠠ ᠨᠠᠰᠤᠲᠠᠶᠢᠴᠤᠳ ᠤᠨ ᠬᠡᠷᠡᠭᠯᠡᠭᠡᠨ ᠤ ᠵᠦᠢᠯ ᠢ ᠲᠣᠬᠢᠷᠠᠭᠤᠯᠤᠨ ᠬᠤᠳᠠᠯᠳᠤᠨ ᠠᠪᠴᠤ᠂ ᠨᠠᠰᠤᠲᠠᠶᠢᠴᠤᠳ ᠲᠤ ︽ᠭᠡᠷ ᠲᠤᠨᠢ ᠬᠦᠷᠭᠡᠬᠦ︾ ᠦᠢᠯᠡᠴᠢᠯᠡᠭᠡ ᠬᠠᠩᠭᠠᠨ᠎ᠠ᠂ ᠣᠳᠣᠬᠠᠨ ᠳᠤ ᠨᠢᠭᠡᠨᠲᠡ 24 ᠨᠠᠰᠤᠲᠠᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠬᠢᠭᠰᠡᠨ ᠪᠠᠶᠢᠨ᠎ᠠ᠃
    ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠨᠢ ᠨᠠᠰᠤᠲᠠᠶᠢᠴᠤᠳ ᠤᠨ ᠪᠤᠶᠠᠨ ᠵᠢᠷᠭᠠᠯ ᠳᠤ ᠬᠤᠯᠪᠣᠭᠳᠠᠬᠤ ᠪᠠᠷ ᠪᠠᠷᠠᠬᠤ ᠦᠭᠡᠢ ᠪᠠᠰᠠ ᠴᠤ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ  ᠂ ᠣᠷᠣᠨ ᠰᠠᠭᠤᠴᠠ ᠶᠢᠨ ᠣᠷᠴᠢᠨ ᠲᠣᠭᠤᠷᠢᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠡᠷᠭᠡ ᠶᠢ ᠰᠠᠶᠢᠵᠢᠷᠠᠭᠤᠯᠬᠤ ᠪᠠᠷ ᠳᠠᠮᠵᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠣᠯᠣᠨ ᠵᠣᠯ ᠵᠢᠷᠭᠠᠯᠲᠤ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠬᠠᠮᠲᠤ ᠭᠡᠷ ᠪᠦᠯᠢ ᠪᠣᠯᠣᠨ ᠨᠡᠶᠢᠭᠡᠮ ᠤᠨ ᠨᠠᠰᠤᠵᠢᠯ ᠤᠨ ᠳᠠᠷᠤᠭᠠᠰᠤ ᠶᠢ ᠬᠥᠩᠭᠡᠷᠡᠭᠦᠯᠦᠨ᠎ᠡ  ᠃ ᠵᠠᠯᠭᠠᠭᠠᠳ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠨᠠᠰᠤᠲᠠᠶᠢᠴᠤᠳ ᠲᠤ ᠦᠷᠭᠦᠯᠵᠢᠯᠡᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠨᠡᠩ ᠤᠯᠠᠨ ᠨᠠᠰᠤᠲᠠᠶᠢᠴᠤᠳ ᠲᠤ ᠨᠠᠰᠤᠵᠢᠯᠲᠠ ᠶᠢᠨ ᠥᠭᠡᠷᠡᠴᠢᠯᠡᠯᠲᠡ ᠶᠢᠨ ᠠᠪᠴᠢᠷᠠᠭᠰᠠᠨ ᠳᠥᠭᠦᠮ ᠳᠥᠲᠡ ᠪᠠ ᠠᠮᠤᠷ ᠲᠦᠪᠰᠢᠨ ᠢ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠡᠳ᠋ᠯᠡᠭᠦᠯᠬᠦ ᠪᠣᠯᠣᠨ᠎ᠠ᠃     ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠤᠨ  ᠸᠧᠢ ᠼᠠᠢ ᠯᠢᠶᠠᠩ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号