︽ᠦᠪᠦᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠭᠠᠨ︾ ᠤ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ 17 ᠵᠦᠢᠯ ᠤᠨ ᠬᠤᠪᠣᠷ ᠰᠢᠷᠣᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/12/30
     12 ᠳ᠋ᠤᠭᠠᠷ ᠰᠠᠷ᠎ᠠ ᠶᠢᠨ 26 ᠤ ᠡᠳᠦᠷ᠂ ︽ᠦᠪᠦᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠭᠠᠨ︾ ᠤ 59 ᠳ᠋ᠦᠭᠡᠷ ᠬᠤᠭᠤᠴᠠᠭᠠᠨ ᠤ ᠲᠤᠰᠬᠠᠢ ᠰᠡᠳᠦᠪᠲᠦ ᠦᠷ᠎ᠡ ᠪᠦᠲᠦᠭᠡᠯ ᠢ ᠨᠡᠶᠢᠲᠡᠯᠡᠬᠦ ᠬᠤᠷᠠᠯ ︱ ︱ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠨ ᠳᠠᠬᠢ ᠦᠷ᠎ᠡ ᠪᠦᠲᠦᠭᠡᠯ ᠢ ᠨᠡᠶᠢᠲᠡᠯᠡᠬᠦ ᠵᠢᠴᠢ ᠪᠤᠭᠤᠲᠤ ᠬᠤᠲᠠ ᠶᠢᠨ 43 ᠳ᠋ᠤᠭᠠᠷ ᠲᠠᠯᠠᠪᠤᠷ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠶᠢᠭᠡᠮᠯᠢᠭ ᠤᠨ ᠵᠣᠴᠢᠳ ᠤᠨ ᠲᠢᠩᠬᠢᠮ︾ ᠬᠤᠪᠣᠷ ᠰᠢᠷᠣᠢ ᠶᠢᠨ ᠲᠣᠮᠣ ᠠᠰᠠᠷ ᠲᠤ ᠶᠠᠪᠤᠭᠳᠠᠪᠠ᠃      40 ᠬᠤᠪᠣᠷ ᠰᠢᠷᠣᠢ ᠶᠢᠨ ᠠᠵᠤ ᠠᠬᠤᠶᠢᠯᠠᠯ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ 20 ᠭᠠᠷᠤᠢ ᠤᠳᠤᠷᠢᠳᠤᠯᠭ᠎ᠠ ᠬᠦᠷᠦᠯᠴᠡᠨ ᠢᠷᠡᠵᠦ᠂ ᠲᠤᠬᠠᠢ ᠶᠢᠨ ᠲᠠᠯᠠᠪᠤᠷ ᠲᠤ ᠨᠡᠶᠢᠲᠡ 17 ᠵᠦᠢᠯ ᠤᠨ ᠬᠤᠪᠣᠷ ᠰᠢᠷᠣᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠪᠡ᠃
    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠠᠪᠴᠢᠷᠠᠭᠰᠠᠨ ᠬᠤᠶᠠᠷ ᠵᠦᠢᠯ ᠤᠨ ᠦᠷ᠎ᠡ ᠪᠦᠲᠦᠭᠡᠯ ᠨᠢ ᠬᠥᠮᠥᠰ ᠤᠨ ᠠᠩᠬᠠᠷᠤᠯ ᠢ ᠲᠠᠲᠠᠨ᠎ᠠ᠃ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠫᠷᠤᠹᠥᠰᠰᠤᠷ ᠬᠠᠨ ᠲᠢᠶᠠᠨ ᠤ ᠠᠪᠴᠢᠷᠠᠭᠰᠠᠨ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠲᠣᠭᠠᠨ ᠤ ᠤᠬᠠᠭᠠᠨ ᠤ ᠲᠣᠭᠤᠷᠢᠨ ᠪᠠᠶᠢᠴᠠᠭᠠᠬᠤ ᠲᠠᠪᠴᠠᠩ ᠨᠢ ᠪᠠᠷᠠᠭᠠᠨ ᠤ ᠰᠦᠯᠵᠢᠶ᠎ᠡ᠂ ᠨᠦᠯᠦᠭᠡᠯᠡᠬᠦᠷ᠂ ᠵᠣᠬᠢᠶᠠᠮᠠᠯ ᠤᠶᠤᠨ ᠴᠢᠳᠠᠪᠤᠷᠢ ᠪᠣᠯᠣᠨ ᠲᠣᠮᠣ ᠳ᠋ᠠᠶᠢᠲ᠋ᠠ ᠶᠢᠨ ᠮᠡᠷᠭᠡᠵᠢᠯ ᠢ ᠠᠭᠤᠰᠤᠯᠴᠠᠭᠤᠯᠵᠤ᠂ ᠲᠤᠬᠠᠢ ᠶᠢᠨ ᠴᠠᠭ ᠤᠨ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠠᠢ᠃ ᠲᠡᠷᠡ ᠨᠢ ᠶᠠᠭ ᠬᠤᠭᠤᠯᠠᠢ ᠶᠢᠨ ᠬᠤᠩᠭᠢᠯ ᠤᠨ ︽ᠣᠶᠤᠨᠲᠤ ᠶᠡᠭᠡ ᠲᠠᠷᠢᠬᠢ︾ ᠰᠢᠭ᠋ ᠪᠠᠶᠢᠵᠤ᠂ ᠲᠣᠨᠤᠭ ᠲᠥᠬᠦᠭᠡᠷᠦᠮᠵᠢ ᠶᠢᠨ ᠪᠠᠶᠢᠳᠠᠯ ᠢ ᠣᠨᠣᠪᠴᠢᠲᠠᠶ ᠢᠯᠭᠠᠨ ᠲᠠᠨᠢᠵᠤ᠂ ᠬᠡᠮ ᠰᠣᠭᠤᠭ ᠢ ᠤᠷᠢᠳᠴᠢᠯᠠᠨ ᠮᠠᠭᠠᠳᠯᠠᠵᠤ᠂ ᠬᠡᠮ ᠰᠣᠭᠤᠭ ᠢ ᠦᠳᠲᠡᠷ ᠲᠦᠷᠭᠡᠨ ᠲᠣᠭᠲᠠᠭᠠᠵᠤ᠂ ᠬᠤᠲᠠ ᠶᠢᠨ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠠᠵᠢᠯᠯᠠᠭᠤᠯᠵᠤ ᠪᠠᠲᠤᠯᠠᠬᠤ ᠦᠷ᠎ᠡ ᠪᠦᠲᠦᠮᠵᠢ ᠪᠠ ᠠᠮᠤᠷ ᠲᠦᠪᠰᠢᠨ ᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃      ᠬᠣ᠋ ᠸᠧᠨ ᠲᠣᠣ ᠶᠢᠨ ᠠᠪᠴᠷᠢᠠᠭᠰᠠᠨ ᠬᠦᠬᠦᠷ ᠬᠦᠴᠢᠯ ᠤᠨ ᠺᠠᠯᠼ ᠤᠨ ᠴᠠᠭᠠᠨ ᠰᠢᠭᠠᠷᠤ ᠶᠢ ᠲᠡᠮᠦᠷᠯᠢᠭ ᠪᠣᠯᠪᠠᠰᠤᠷᠠᠭᠤᠯᠬᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠠᠢ ᠬᠠᠮᠵᠢᠯᠴᠠᠨ ᠬᠤᠣᠰ ᠴᠢᠳᠠᠮᠵᠢᠲᠤ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠤᠨ ᠦᠷ᠎ᠡ ᠪᠦᠲᠦᠭᠡᠯ ᠨᠢ ᠲᠡᠷᠢᠭᠦᠨ ᠤ ᠮᠠᠲ᠋ᠧᠷᠢᠶᠠᠯ ᠢ ᠨᠡᠶᠢᠯᠡᠭᠦᠯᠬᠦ ᠪᠠ ᠪᠢᠴᠢᠯ ᠲᠣᠬᠢᠷᠠᠭᠤᠯᠭ᠎ᠠ ᠶᠢᠨ ᠮᠡᠷᠭᠡᠵᠢᠯ ᠢᠶᠠᠷ ᠬᠤᠶᠠᠷ ᠵᠦᠢᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠤᠯᠠᠭᠠᠨ ᠢ ᠬᠠᠳᠠᠭᠠᠯᠠᠬᠤ ᠪᠠ ᠳᠠᠭᠤ ᠰᠢᠩᠭᠡᠭᠡᠬᠦ ᠴᠢᠳᠠᠪᠬᠢ ᠲᠠᠢ ᠨᠠᠨᠤᠮᠥᠲᠷ ᠤᠨ ᠨᠡᠶᠢᠯᠡᠮᠡᠯ ᠮᠠᠲ᠋ᠧᠷᠢᠶᠠᠯ ᠪᠣᠯᠭᠠᠵᠤ᠂ ᠡᠨᠡ ᠨᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠰᠢᠨ᠎ᠡ ᠬᠡᠯᠪᠡᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠢ ᠬᠠᠩᠭᠠᠭᠰᠠᠨ ᠪᠠᠶᠢᠨ᠎ᠠ᠃     ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠦᠷ᠎ᠡ ᠪᠦᠲᠦᠭᠡᠯ ᠢ ᠠᠳᠠᠯᠢᠬᠠᠨ ᠬᠦᠮᠦᠰ ᠤᠨ ᠠᠩᠬᠠᠷᠣᠯ ᠢ ᠲᠠᠳᠠᠨ᠎ᠠ᠃ ᠴᠢᠨᠠᠷ ᠰᠠᠶᠢᠲᠠᠢ ᠬᠤᠪᠣᠷ ᠰᠢᠷᠣᠢ ᠶᠢᠨ ᠪᠣᠯᠣᠳ ᠲᠤ ᠬᠡᠷᠡᠭᠯᠡᠬᠦ ᠬᠤᠪᠣᠷ ᠰᠢᠷᠣᠢ ᠶᠢᠨ ᠲᠡᠮᠦᠷ ᠤᠨ ᠬᠠᠶᠢᠯᠤᠰᠢ ᠶᠢ ᠦᠢᠯᠡᠳᠬᠦ ᠵᠢᠴᠢ ᠬᠡᠷᠡᠭᠯᠡᠭᠡᠨ ᠤ ᠮᠡᠷᠭᠡᠵᠢᠯ ᠨᠢ᠂ ᠤᠷᠠᠯᠠᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠬᠤᠪᠣᠷ ᠰᠢᠷᠣᠢ ᠬᠢᠭᠡᠳ ᠪᠣᠯᠣᠳ ᠲᠡᠮᠦᠷ ᠤᠨ ᠪᠦᠷᠢᠨ ᠲᠡᠭᠦᠯᠳᠡᠷ ᠠᠭᠤᠰᠤᠯᠴᠠᠯ ᠢ ᠪᠡᠶᠡᠯᠡᠭᠦᠯᠵᠦ᠂ ᠲᠠᠯᠠᠰᠲᠤ ᠮᠥᠬᠦᠯᠢᠭ ᠢ ᠨᠠᠷᠢᠯᠢᠭᠵᠢᠭᠤᠯᠤᠨ᠂ ᠬᠤᠯᠢᠴᠠ ᠶᠢ ᠠᠷᠢᠯᠭᠠᠵᠤ᠂ ᠪᠣᠯᠣᠳ ᠲᠡᠮᠦᠷ ᠤᠨ ᠣᠯᠠᠨ ᠵᠦᠢᠯ ᠤᠨ ᠴᠢᠳᠠᠮᠵᠢ ᠶᠢ ᠳᠡᠭᠡᠭᠰᠢᠯᠡᠭᠦᠯᠦᠨ᠂ ᠳᠡᠭᠡᠳᠦ ᠲᠠᠰ ᠤᠨ ᠪᠣᠯᠣᠳ ᠲᠡᠮᠦᠷ ᠤᠨ ᠮᠠᠲ᠋ᠧᠷᠢᠶᠠᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃     ᠭᠡᠷ ᠤᠨ ᠳᠤᠯᠠᠭᠠᠨ ᠤ ᠰᠣᠷᠢᠨᠵᠢᠨ ᠢᠶᠠᠷ ᠬᠥᠯᠳᠡᠭᠡᠬᠦ ᠮᠡᠷᠭᠡᠵᠢᠯ ᠪᠣᠯ ᠬᠥᠯᠳᠡᠭᠡᠬᠦ ᠬᠦᠷᠢᠶᠡᠨ ᠤ ᠰᠢᠨᠡᠴᠢᠯᠡᠯᠲᠡ ᠮᠥᠨ᠂ ᠰᠣᠷᠢᠨᠵᠢᠨ ᠢᠯᠴᠢ ᠶᠢᠨ ᠦᠢᠯᠡᠴᠢᠯᠡᠭᠡ ᠳᠤ ᠰᠠᠭᠤᠷᠢᠯᠠᠨ᠂ ᠥᠪᠡᠷᠮᠢᠴᠡ ᠰᠣᠷᠢᠨᠵᠢᠨ ᠣᠷᠣᠨ ᠬᠢᠭᠡᠳ ᠢᠯᠴᠢ ᠰᠣᠯᠢᠯᠴᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠨ᠂ ᠥᠨᠳᠥᠷ ᠪᠦᠲᠦᠮᠵᠢᠲᠡᠶ ᠣᠷᠴᠢᠨ ᠠᠬᠤᠢ ᠶᠢ ᠬᠠᠮᠠᠭᠠᠯᠠᠵᠤ ᠬᠥᠯᠳᠡᠭᠡᠬᠦ ᠮᠡᠷᠭᠡᠵᠢᠯ ᠢ ᠪᠡᠶᠡᠯᠡᠭᠦᠯᠵᠦ᠂ ᠬᠤᠣᠷᠲᠠᠢ ᠬᠥᠯᠳᠡᠭᠡᠬᠦ ᠡᠳ᠋ ᠢ ᠲᠠᠶᠠᠭᠳᠠᠵᠤ᠂ ᠪᠣᠬᠢᠷᠲᠤᠯ ᠦᠭᠡᠢ ᠡᠨᠧᠷᠭᠢ ᠠᠷᠪᠢᠯᠠᠬᠤ᠂ ᠲᠣᠭᠲᠠᠭᠤᠨ ᠪᠥᠭᠡᠳ ᠳᠣᠣᠷ᠎ᠠ ᠲᠠᠭᠤᠨ ᠲᠠᠢ ᠵᠡᠷᠭᠡ ᠳᠠᠪᠠᠭᠤᠯᠢᠭ ᠢ ᠪᠦᠷᠢᠯᠳᠦᠭᠦᠯᠦᠨ᠂ ᠬᠥᠯᠳᠡᠭᠡᠬᠦ ᠠᠵᠢᠯ ᠲᠥᠷᠥᠯ ᠳᠤ ᠰᠢᠨ᠎ᠡ ᠵᠠᠮ ᠨᠡᠭᠡᠭᠡᠵᠦ ᠥᠭᠭᠦᠨ᠎ᠡ᠃     ᠦᠪᠦᠷ ᠮᠣᠩᠭᠤᠯ ᠤᠨ ᠰᠢᠨᠵᠢᠯᠡᠬᠦ ᠤᠬᠠᠭᠠᠨ ᠤ ᠴᠤᠭᠯᠠᠷᠠᠯ ᠤᠨ ᠲᠠᠪᠴᠠᠩ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠦᠴᠦᠷᠬᠡᠭ ᠶᠡᠭᠡ ᠬᠤᠷᠳᠤᠳᠬᠠᠭᠤᠷ ᠮᠥᠨ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠦᠷᠢᠶ᠎ᠡ ᠠᠯᠤᠰᠯᠠᠭᠰᠠᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠤᠷᠴᠠ ᠰᠡᠷᠡᠯ ᠢ ᠬᠥᠭᠵᠢᠭᠡᠨ᠎ᠡ  ᠃ ᠮᠡᠳᠡᠭᠡ ᠵᠠᠩᠭᠢ ᠶᠢᠨ ᠪᠠᠬᠢᠯᠡᠯᠲᠡ ᠶᠢ ᠬᠦᠴᠦᠯᠡᠨ ᠡᠪᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ᠂ ᠪᠡᠯᠡ ᠮᠥᠩᠭᠦ᠂ ᠴᠢᠳᠠᠪᠤᠷᠢᠲᠠᠨ ᠢ ᠵᠦᠢ ᠵᠣᠬᠢᠰᠲᠠᠢ ᠪᠠᠷ ᠰᠢᠯᠵᠢᠭᠦᠯᠦᠨ ᠵᠣᠬᠢᠴᠠᠭᠤᠯᠤᠨ᠎ᠠ᠃ ᠲᠣᠰ ᠲᠠᠪᠴᠠᠩ ᠢᠶᠠᠷ ᠳᠡᠮᠵᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠨᠢ ᠬᠤᠪᠢᠷᠠᠭᠤᠯᠬᠤ ᠠᠷᠭ᠎ᠠ ᠵᠠᠮ ᠪᠠ ᠪᠡᠯᠡ ᠮᠥᠩᠭᠦ ᠶᠢᠨ ᠳᠡᠮᠵᠢᠯᠭᠡ ᠶᠢ ᠣᠯᠵᠤ᠂ ᠠᠵᠤ ᠠᠬᠤᠶᠢᠯᠠᠯ ᠨᠢ ᠬᠤᠰᠢᠭᠤᠷᠠᠯ ᠮᠡᠷᠭᠡᠵᠢᠯ ᠪᠠ ᠴᠢᠳᠠᠪᠤᠷᠢᠲᠠᠨ ᠢ ᠣᠯᠵᠤ᠂ ᠰᠢᠨ᠎ᠡ ᠶᠢ ᠡᠭᠦᠳᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号