ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠵᠦᠢᠯ︕ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠬᠦᠯᠢ ᠴᠣᠭᠴᠠ ᠶᠢᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢᠨ ᠲᠦᠷᠦᠯ ᠵᠦᠢᠯ ᠣᠯᠣᠰ ᠤᠨ ᠰᠢᠯᠭᠠᠷᠠᠭᠤᠯᠳᠠ ᠶᠢ ᠦᠩᠭᠡᠷᠡᠪᠡ
ᠨᠡᠶᠢᠲᠡᠯᠡᠭᠰᠡᠨ ᠴᠠᠭ᠄
2024/12/30
     ᠣᠶᠢᠷ᠎ᠠ ᠳᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠯᠪᠠᠨ ᠲᠢᠩᠬᠢᠮ ᠬᠠᠮᠲᠤᠷᠠᠨ ︽ᠬᠤᠶᠠᠳᠤᠭᠠᠷ ᠪᠦᠯᠦᠭ ᠤᠨ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢᠨ ᠵᠦᠢᠯᠡᠰ ᠤᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠪᠦᠬᠦᠯᠢ ᠴᠣᠭᠴᠠ ᠶᠢᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ᠋ ᠤᠨ ᠲᠥᠷᠥᠯ ᠵᠦᠢᠯ ᠨᠢ ᠦᠨᠡᠯᠡᠨ ᠵᠢᠱᠢᠯᠲᠡ ᠶᠢ ᠤᠷᠤᠭᠰᠢᠲᠠᠢ ᠥᠩᠭᠡᠷᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠬᠤᠶᠠᠷ ᠶᠠᠮᠤᠨ ᠵᠥᠪᠯᠡᠯ ᠤᠨ ᠦᠨᠡᠯᠡᠨ ᠰᠢᠯᠠᠭᠠᠷᠠᠭᠤᠯᠣᠭᠰᠠᠨ ᠲᠦᠷᠦᠯ ᠵᠦᠢᠯ ᠪᠣᠯᠪᠠ᠃
    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠲᠤᠷᠰᠢᠯᠲᠠ ᠶᠢᠨ ᠴᠢᠭ᠋ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠪᠠ ᠠᠵᠢᠯ ᠤᠨ ᠲᠤᠰᠬᠠᠢ ᠠᠩᠭᠢ  ᠶᠢ ᠵᠣᠬᠢᠶᠠᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠡᠨᠧᠷᠭᠢ ᠶᠢᠨ ᠬᠤᠷᠣᠭᠳᠠᠯ᠂ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠪᠣᠯᠣᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠᠶᠢᠳᠠᠯ ᠵᠡᠷᠭᠡ ᠳᠤ ᠰᠢᠨᠵᠢᠯᠡᠬᠦ ᠤᠬᠠᠭᠠᠨᠴᠢ ᠣᠨᠣᠰᠢᠯᠠᠯᠲᠠ ᠵᠠᠳᠠᠯᠤᠯᠲᠠ ᠬᠢᠬᠦ ᠪᠠᠷ ᠳᠡᠮᠵᠢᠨ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠷᠢᠭᠤᠨ ᠴᠡᠪᠡᠷ ᠦᠢᠯᠡᠳᠪᠦᠷᠢᠯᠡᠯ ᠢ ᠦᠨᠡᠯᠡᠬᠦ ᠭᠦᠢᠴᠡᠳᠬᠡᠯ ᠲᠣᠭᠠᠨ ᠤ ᠬᠦᠷᠢᠶᠡᠯᠡᠩ ᠲᠣᠭᠤᠷᠢᠭ ᠤᠨ ᠠᠷᠢᠭᠤᠨ ᠴᠡᠪᠡᠷ ᠦᠢᠯᠡᠳᠪᠦᠷᠢᠯᠡᠯ ᠢ ᠥᠭᠡᠷᠡᠴᠢᠯᠡᠬᠦ ᠲᠥᠰᠥᠯ ᠢ ᠳᠤᠷᠠᠳᠴᠤ ᠂ ᠡᠴᠦᠰ ᠲᠤ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠪᠦᠬᠦᠯᠢ ᠴᠣᠭᠴᠠ ᠶᠢᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠤᠭᠰᠠᠨ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ᠋ ᠤᠨ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠷᠢᠭᠤᠨ ᠴᠡᠪᠡᠷ ᠦᠢᠯᠡᠳᠪᠦᠷᠢᠯᠡᠯ ᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ︾ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠮᠡᠷᠭᠡᠵᠢᠯ ᠤᠨ ᠶᠡᠷᠦᠩᠬᠡᠢ ᠳᠦᠷᠢᠮ︾ ᠪᠠ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠮᠡᠳᠡᠭᠦᠯᠦᠯᠲᠡ ᠶᠢᠨ ᠮᠡᠷᠭᠡᠵᠢᠯ ᠤᠨ ᠵᠢᠷᠤᠮᠵᠢᠯ︾ ᠵᠡᠷᠭᠡ ᠣᠯᠠᠨ ᠵᠦᠢᠯ ᠤᠨ ᠦᠷ᠎ᠡ ᠪᠦᠲᠦᠭᠡᠯ ᠪᠣᠯᠣᠨ ᠪᠦᠷᠢᠯᠳᠦᠪᠠ᠃
    ᠲᠤᠷᠰᠢᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠨᠢ ᠤᠯᠠᠮᠵᠢᠯᠠᠯᠲᠤ ᠬᠢᠨᠠᠨ ᠬᠠᠷᠭᠤᠭᠤᠯᠬᠤ ᠵᠠᠭᠪᠤᠷ ᠤᠨ ᠬᠢᠨᠠᠨ ᠬᠠᠷᠭᠤᠭᠤᠯᠬᠤ ᠶᠠᠪᠤᠴᠠ᠂ ᠮᠡᠷᠭᠡᠵᠢᠯ ᠤᠨ ᠠᠷᠭ᠎ᠠ᠂ ᠦᠨᠡᠯᠡᠬᠦ ᠳᠦᠷᠢᠮ ᠢ ᠰᠢᠯᠢᠳᠡᠭᠵᠢᠭᠦᠯᠵᠦ᠂ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢᠨ ᠬᠠᠮᠤᠷᠬᠤ ᠬᠡᠪᠴᠢᠶ᠎ᠡ᠂ ᠠᠰᠢᠭ ᠬᠦᠷᠳᠡᠬᠦ ᠠᠵᠢᠯ ᠲᠦᠷᠦᠯ ᠪᠠ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠬᠤᠷᠸ᠎ᠠ ᠲᠠᠯ᠎ᠠ ᠠᠴᠠ ︵ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ︶ ᠪᠠ ᠪᠢᠴᠢᠯ ᠲᠠᠯ᠎ᠠ ᠠᠴᠠ ︵ᠭᠤᠣᠯᠳᠠᠯᠭ᠎ᠠ ᠲᠠᠢ ᠠᠵᠢᠯ ᠲᠦᠷᠦᠯ ᠪᠠ ᠠᠵᠤ ᠠᠬᠤᠶᠢᠯᠠᠯ︶ ᠬᠤᠶᠠᠷ ᠲᠠᠯ᠎ᠠ ᠠᠴᠠ ᠠᠳᠠᠯᠢ ᠪᠤᠰᠤ ᠠᠷᠭ᠎ᠠ ᠮᠠᠶ᠋ᠢᠭ ᠪᠠ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠣᠷᠣᠨ ᠪᠦᠰᠡ ᠶᠢᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢᠨ ᠦᠢᠯᠡᠳᠦᠯ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠲᠤᠷᠰᠢᠯᠲᠠ ᠶᠢᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠵᠤ ᠂ ᠲᠤᠷᠰᠢᠯᠲᠠ ᠶᠢᠨ ᠲᠥᠷᠥᠯ ᠵᠦᠢᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠪᠥᠬᠦ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠬᠦ ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠬᠠᠩᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号