10 ᠳ᠋ᠤᠭᠠᠷ ᠰᠠᠷ᠎ᠠ ᠶᠢᠨ 31 ᠤ ᠡᠳᠦᠷ ᠠᠴᠠ 11 ᠳ᠋ᠦ᠋ᠭᠡᠷ ᠰᠠᠷ᠎ᠠ ᠶᠢᠨ 21 ᠤ ᠡᠳᠦᠷ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠲᠤᠰᠬᠠᠢ ᠰᠡᠳᠦᠪ ᠬᠤᠪᠢᠶᠠᠨ 7 | ᠲᠠᠯᠠᠪᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 23 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ | ᠤᠷᠢᠨ ᠣᠷᠣᠯᠴᠠᠭᠤᠯᠵᠤ᠂ ᠬᠠᠮᠢᠶ᠎ᠠ ᠪᠦᠬᠦᠢ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠ ᠲᠠᠨᠢᠯᠴᠠᠭᠤᠯᠵᠤ ᠪᠠᠷ ᠪᠠᠶᠢᠨ᠎ᠠ᠃ | ᠥᠪᠥᠷ ᠮᠣᠩᠭᠤᠯ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠠᠩ ᠰᠠᠶᠢᠲᠤᠷ ᠤᠷᠮᠠᠰᠢᠭᠤᠯᠤᠨ | ᠵᠣᠷᠢᠭᠵᠢᠭᠤᠯᠪᠠ | 10 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ ᠭᠤᠣᠯ ᠰᠡᠳᠦᠪ ᠤᠨ | ᠨᠢᠭᠡᠳᠦᠭᠡᠷ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠨᠠᠮ ᠤᠨ | ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠨᠠᠮ ᠤᠨ | ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ︽ | ᠲᠥᠷᠥᠯ ᠵᠦᠢᠯ ᠤᠨ ᠨᠠᠷᠢᠨ ᠳᠠᠩᠰᠠ︾ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠲᠥᠪ ᠤᠨ ᠵᠣᠬᠢᠶᠠᠨ | ᠪᠠᠶᠢᠭᠤᠯᠬᠤ ᠬᠡᠯᠲᠡᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠺᠠᠳ᠋ᠷ ᠠᠵᠢᠯᠲᠠᠨ ᠤ ᠶᠠᠪᠤᠳᠠᠯ ᠤᠨ ᠳᠦᠷᠢᠮ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠳᠦᠷᠢᠮ᠂ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠯ ᠲᠣᠭᠲᠠᠴᠠ ᠵᠡᠷᠭᠡ 4 ᠲᠠᠯ᠎ᠠ ᠶᠢ ᠠᠬᠢᠭᠤᠯᠬᠤ ᠲᠤᠬᠠᠢ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ 16 ᠭᠤᠣᠯᠳᠠᠯᠭ᠎ᠠ ᠪᠣᠯᠬᠤ ᠥᠭᠡᠷᠡᠴᠢᠯᠡᠯᠲᠡ ᠶᠢᠨ ᠵᠦᠢᠯᠡᠰ ᠢ ᠳᠤᠷᠠᠳᠤᠨ ᠭᠠᠷᠭᠠᠵᠤ᠂ | ᠨᠠᠮ ᠤᠨ ᠪᠠᠶᠢᠭᠤᠯᠤᠯᠲᠠ ᠶᠢᠨ ᠳᠦᠷᠢᠮ ᠤᠨ ᠰᠢᠨ᠎ᠡ ᠨᠢᠭᠡᠨ ᠡᠭᠡᠯᠵᠢᠨ ᠤ ᠥᠭᠡᠷᠡᠴᠢᠯᠡᠯᠲᠡ ᠶᠢ ᠦᠳᠲᠡᠷ ᠲᠦᠷᠭᠡᠨ | ᠡᠬᠢᠯᠡᠭᠦᠯᠵᠦ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ | ᠤᠨᠤᠯ ᠢᠶᠠᠷ ᠵᠡᠪᠰᠡᠭᠯᠡᠬᠦ ᠲᠠᠯ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠪᠠᠶᠢᠷᠢᠨ ᠳᠤ | ᠲᠠᠯᠪᠢᠪᠠ᠃ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ᠂ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠳᠤᠷᠢᠳᠬᠤ ᠪᠠᠭ ᠤᠨ ᠨᠣᠮ ᠤᠩᠰᠢᠬᠤ | ᠠᠩᠭᠢ᠂ ︽ᠨᠢᠭᠡᠳᠦᠭᠡᠷ ᠵᠥᠪᠯᠡᠬᠦ ᠰᠡᠳᠦᠪ︾᠂ ᠲᠤᠰᠬᠠᠢ ᠰᠡᠳᠦᠪᠲᠦ ᠨᠠᠮ ᠤᠨ ᠬᠢᠴᠢᠶᠡᠯ ᠵᠡᠷᠭᠡ ᠶᠢᠨ ᠳᠦᠷᠢᠮ ᠢ | ᠨᠠᠶᠢᠳᠠᠪᠤᠷᠢᠵᠢᠭᠤᠯᠵᠤ᠂ ᠥᠨᠥ ᠵᠢᠯ ᠲᠢᠩᠬᠢᠮ ᠲᠣᠪᠴᠢᠶᠠᠨ ᠲᠡᠰ ᠤᠨ ᠺᠠᠳ᠋ᠷᠴᠤᠳ ᠢ ᠡᠭᠡᠯᠵᠢᠯᠡᠨ ᠪᠣᠯᠪᠠᠰᠤᠷᠠᠭᠤᠯᠬᠤ | ᠠᠩᠭᠢ ᠶᠢ 5 ᠬᠤᠭᠤᠴᠠᠭ᠎ᠠ ᠵᠠᠯᠭᠠᠭ᠎ᠠ ᠪᠠᠷ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷᠴᠤᠳ ᠢ ᠴᠥᠮ ᠪᠣᠯᠪᠠᠰᠤᠷᠠᠭᠤᠯᠬᠤ ᠶᠢ ᠪᠡᠶᠡᠯᠡᠭᠦᠯᠦᠨ᠂ ᠨᠠᠮ ᠤᠨ ᠭᠡᠰᠢᠭᠦᠨ | ᠺᠠᠳ᠋ᠷᠴᠤᠳ ᠢ ᠬᠥᠮᠥᠵᠢᠭᠦᠯᠦᠨ ᠥᠭᠡᠷᠡᠴᠢᠯᠡᠯᠲᠡ ᠬᠥᠭᠵᠢᠯᠲᠡ ᠶᠢᠨ ᠠᠬᠢᠭᠤᠯᠤᠭᠴᠢ ᠪᠣᠳᠠᠲᠠᠢ ᠠᠵᠢᠯᠯᠠᠭᠴᠢ ᠪᠣᠯᠭᠠᠬᠤ ᠪᠠᠷ | ᠴᠢᠷᠮᠠᠶᠢᠪᠠ᠃ | ᠺᠠᠳ᠋ᠷ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ᠂ | ᠺᠠᠳ᠋ᠷᠴᠤᠳ ᠤᠨ ᠳᠤᠷ᠎ᠠ ᠪᠠᠷ ᠦᠢᠯᠡᠳᠬᠦᠢ᠂ ᠦᠯᠦ ᠦᠢᠯᠡᠳᠬᠦᠢ᠂ ᠦᠢᠯᠡᠳᠬᠦᠢ ᠵᠣᠷᠢᠭ ᠦᠭᠡᠢ᠂ ᠦᠢᠯᠡᠳᠬᠦᠢ ᠳᠤᠷ | ᠴᠢᠳᠠᠮᠠᠭᠠᠢ ᠪᠤᠰᠤ ᠪᠠᠶᠢᠬᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠡᠢ᠃ ᠠᠵᠢᠯ ᠤᠨ ᠠᠮᠵᠢᠯᠲᠠ ᠶᠢᠨ ᠦᠵᠡᠯᠲᠡ ᠶᠢᠨ | ᠵᠥᠷᠢᠶ᠎ᠡ ᠶᠢ ᠰᠡᠷᠭᠡᠶᠢᠯᠡᠬᠦ ᠪᠠ ᠵᠠᠯᠠᠷᠠᠭᠤᠯᠤᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠠᠵᠢᠯ ᠤᠨ ᠠᠮᠵᠢᠯᠲᠠ ᠶᠢᠨ ᠰᠢᠯᠭᠠᠨ ᠬᠢᠨᠠᠬᠤ ᠶᠢ ᠰᠠᠶᠢᠵᠢᠷᠠᠭᠤᠯᠵᠤ᠂ ᠺᠠᠳ᠋ᠷᠴᠤᠳ ᠢ | ᠬᠥᠲᠥᠯᠥᠨ ᠵᠢᠯᠤᠭᠤᠳᠴᠤ ᠪᠠᠶᠢᠭᠠᠳ ᠵᠢᠩᠬᠢᠨᠢ ᠠᠮᠵᠢᠯᠲᠠ ᠭᠠᠷᠭᠠᠯᠭᠠᠨ᠎ᠠ᠃ ᠪᠥᠬᠦ ᠣᠷᠣᠨ ᠤ ᠣᠲᠣ ᠶᠢᠨ ᠲᠤᠰᠢᠶᠠᠯ ᠢᠶᠠᠨ | ᠡᠭᠦᠷᠭᠡᠯᠡᠬᠦ ᠳᠤ ᠲᠣᠬᠢᠷᠠᠬᠤ ᠦᠭᠡᠢ 169 ᠺᠠᠳ᠋ᠷ ᠲᠤ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠬᠢᠵᠦ᠂ | ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ ᠴᠢᠳᠠᠪᠤᠷᠢ ᠦᠭᠡᠢ ᠶᠢ ᠨᠢ ᠪᠠᠭᠤᠯᠭᠠᠬᠤ᠂ ᠰᠢᠭᠠᠷᠤ ᠶᠢ ᠨᠢ | ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠲᠠᠢ ᠪᠣᠯᠬᠤ ᠶᠢ ᠠᠬᠢᠭᠤᠯᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠤ ᠠᠯᠳᠠᠰᠢ ᠶᠢ ᠠᠭᠤᠴᠢᠯᠠᠬᠤ ᠪᠠ ᠵᠠᠯᠠᠷᠠᠭᠤᠯᠬᠤ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠵᠤ ᠭᠠᠷᠭᠠᠭᠰᠠᠨ 199 ᠨᠡᠷᠡᠰ ︽ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠳᠣᠲᠣᠷᠠᠬᠢ 157 ᠬᠥᠮᠥᠨ ᠢ ᠳᠡᠪᠰᠢᠭᠦᠯᠦᠭᠡᠳ | ᠴᠢᠬᠤᠯᠠᠴᠢᠯᠠᠨ ᠬᠡᠷᠡᠭᠯᠡᠵᠦ᠂ ᠺᠠᠳ᠋ᠷᠴᠤᠳ ᠤᠨ ᠥᠷᠢᠰᠦᠯᠳᠦᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ | ᠵᠣᠷᠢᠭᠵᠢᠭᠤᠯᠵᠠᠢ᠃ ᠵᠠᠯᠠᠭᠤ ᠺᠠᠳ᠋ᠷᠴᠤᠳ ᠤᠨ ︽ᠨᠢᠭᠡ ᠵᠠᠭᠤ ᠭᠤᠷᠪᠠᠨ ᠮᠢᠩᠭᠠᠨ︾ ᠰᠢᠯᠢᠳᠡᠭ ᠴᠢᠳᠠᠪᠤᠷᠢᠲᠠᠨ | ᠬᠥᠮᠥᠵᠢᠭᠦᠯᠦᠨ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠺᠠᠳ᠋ᠷᠴᠤᠳ ᠢ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠨᠢᠭᠡᠳᠦᠭᠡᠷ ᠹᠷᠣᠨᠲ ᠲᠤ ᠣᠴᠢᠭᠤᠯᠵᠤ ᠪᠠᠶᠢᠭᠠᠳ ᠬᠥᠮᠥᠵᠢᠭᠦᠯᠦᠨ ᠪᠣᠯᠪᠠᠰᠤᠷᠠᠭᠤᠯᠵᠤ᠂ ᠺᠠᠳ᠋ᠷᠴᠤᠳ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠪᠢᠶᠠᠰ ᠴᠢᠳᠠᠪᠤᠷᠢ ᠶᠢ ᠨᠢ ᠴᠢᠩᠭᠠᠷᠠᠭᠤᠯᠪᠠ᠃ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠬᠤ ᠲᠠᠯ᠎ᠠ ᠪᠠᠷ᠂ ︽ᠲᠠᠪᠤᠨ ᠪᠠᠬᠢᠯᠡᠯᠲᠡ︾ ᠶᠢ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠬᠦᠷᠢᠶ᠎ᠡ ᠡᠯ᠎ᠡ ᠱᠠᠲᠤ ᠳᠡᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠠᠬᠢᠭᠤᠯᠪᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠡᠳᠬᠦᠵᠦ ᠬᠥᠲᠥᠯᠥᠨ ᠳᠠᠭᠠᠭᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠢᠶᠠᠨ ᠮᠥᠷᠦ᠋ᠢᠴᠡᠵᠦ ᠮᠠᠩᠯᠠᠢ ᠪᠣᠯᠬᠤ ᠪᠠᠷ ᠴᠢᠷᠮᠠᠶᠢᠬᠤ︾ ᠵᠡᠷᠭᠡ 3 | ᠵᠦᠢᠯ ᠤᠨ ᠠᠵᠢᠯᠯᠠᠭᠠᠨ ᠢ ᠬᠡᠷᠡᠭᠵᠢᠭᠦᠯᠵᠦ᠂ ᠰᠤᠯᠠ ᠳᠣᠷᠣᠢ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠳᠠᠬᠢᠨ ᠳᠠᠪᠲᠠᠨ ᠵᠢᠭᠰᠠᠭᠠᠨ ᠪᠠᠶᠢᠴᠠᠭᠠᠵᠤ ᠴᠡᠭᠴᠡᠯᠡᠭᠰᠡᠨ ᠪᠠᠶᠢᠨ᠎ᠠ᠃ ᠬᠤᠲᠠ ᠬᠥᠳᠡᠭᠡᠨ ᠤ ᠦᠨᠳᠦᠰᠦᠨ | ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ︽ᠤᠮᠠᠷᠠᠲᠤ ᠬᠢᠯᠢ ᠶᠢᠨ | ᠬᠤᠪᠢᠰᠬᠠᠯᠲᠤ ᠲᠣᠣᠷᠵᠢᠯ ᠵᠠᠰᠠᠯᠲᠠ ᠶᠢᠨ ᠦᠢᠯᠡᠴᠢᠯᠡᠭᠡᠨ ᠤ ᠠᠵᠢᠯ ᠤᠨ ᠵᠦᠭᠯᠡᠭᠦᠷ︾ ᠵᠡᠷᠭᠡ ᠶᠢ ᠳᠣᠭᠲᠠᠭᠠᠨ᠂ ᠲᠣᠣᠷᠵᠢᠯ | ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠠᠵᠢᠯᠲᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ︽ | ᠴᠢᠳᠠᠯ ᠠᠴᠠ ᠨᠢ ᠬᠡᠲᠦᠷᠡᠭᠦᠯᠵᠦ ᠪᠠᠶᠢᠭ᠎ᠠ︾ ᠲᠣᠪᠤᠶᠢᠮ᠎ᠠ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠵᠦ ᠵᠠᠰᠠᠬᠤ ᠪᠡᠷᠬᠡ | ᠰᠡᠳᠦᠪ ᠢ ᠰᠢᠢᠳᠪᠦᠷᠢᠯᠡᠬᠦ ᠵᠡᠷᠭᠡ ᠪᠠᠷ ᠳᠠᠮᠵᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠳᠤᠮᠳᠠᠴᠢ ᠪᠠᠷ 225 ᠵᠦᠢᠯ᠂ | ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠵᠢᠯ ᠤᠨ ᠶᠠᠪᠤᠳᠠᠯ ᠢ ᠳᠤᠮᠳᠠᠴᠢ ᠪᠠᠷ 60 ᠭᠠᠷᠤᠢ ᠵᠦᠢᠯ ᠴᠥᠬᠡᠳᠬᠡᠵᠦ᠂ | ᠦᠨᠳᠦᠰᠦᠨ ᠱᠠᠲᠤᠨ ᠠᠴᠠ ᠵᠢᠭᠡᠯᠡᠵᠦ ᠬᠡᠷᠡᠭᠯᠡᠭᠰᠡᠨ 1592 ᠬᠥᠮᠥᠨ ᠢ ᠠᠵᠢᠯ ᠤᠨ ᠪᠠᠶᠢᠷᠢᠨ ᠳᠤ ᠨᠢ ᠪᠤᠴᠠᠭᠠᠬᠤ ᠶᠢ | ᠰᠢᠮᠳᠠᠭᠤᠯᠪᠠ᠃ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠬᠤ ᠲᠠᠯ᠎ᠠ ᠪᠠᠷ᠂ ᠴᠢᠳᠠᠪᠤᠷᠢᠲᠠᠨ ᠤ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠲᠥᠪ ᠳᠥᠷᠪᠡᠨ ᠬᠦᠷᠢᠶᠡᠯᠡᠩ ᠲᠣᠭᠤᠷᠢᠭ︾ ᠢᠶᠠᠨ ᠪᠠᠶᠢᠷᠢ | ᠵᠦᠷᠢᠭᠦᠯᠦᠨ ᠬᠥᠭᠵᠢᠭᠦᠯᠬᠦ ᠶᠢ ᠳᠡᠮᠵᠢᠵᠦ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ | ᠰᠠᠭᠤᠷᠢᠨ ᠭᠠᠵᠠᠷ ᠵᠡᠷᠭᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠡᠭᠡᠵᠢᠩ ᠥᠪᠥᠷ ᠮᠣᠩᠭᠤᠯ ᠤᠨ | ᠴᠢᠳᠠᠪᠤᠷᠢᠲᠠᠨ ᠤ ᠪᠠᠶᠢᠩᠭᠤ ᠶᠢᠨ ᠴᠢᠨᠠᠷᠲᠠᠢ ᠰᠣᠯᠢᠯᠴᠠᠭ᠎ᠠ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠪᠡ᠃ ︽ᠬᠤᠶᠠᠷ | ᠠᠵᠢᠯᠯᠠᠭᠠᠨ ᠭᠤᠷᠪᠠᠨ ᠢᠨᠵᠧᠨᠧᠷᠢᠩ︾ ᠢᠶᠠᠷ ᠵᠢᠯᠣᠭᠤᠳᠤᠮᠵᠢ ᠪᠣᠯᠭᠠᠵᠤ᠂ ᠳᠡᠭᠡᠳᠦ ᠲᠠᠰ ᠤᠨ ᠴᠢᠳᠠᠪᠤᠷᠢᠲᠠᠳ ᠢ | ᠣᠷᠣᠭᠤᠯᠤᠨ ᠠᠪᠴᠢᠷᠠᠭᠰᠠᠨ ᠪᠠ ᠬᠦᠮᠦᠵᠢᠭᠦᠯᠪᠡ᠃ ᠬᠥᠮᠥᠵᠢᠭᠦᠯᠵᠦ 5 ᠬᠦᠮᠦᠨ ᠨᠢ ︽ᠡᠷᠳᠡᠮᠲᠡᠳ ᠢ ᠬᠥᠬᠢᠭᠦᠯᠬᠦ | ᠬᠥᠭᠡᠮᠦ᠋ᠷᠡᠨ ᠲᠥᠯᠥᠪᠯᠡᠭᠡ︾ ᠪᠠᠷ ᠰᠤᠩᠭᠤᠭᠳᠠᠵᠤ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ | ᠰᠠᠭᠤᠷᠢ ᠮᠥᠩᠭᠦᠨ ᠤ ᠲᠦᠷᠦᠯ ᠵᠦᠢᠯ ᠳᠤ 1 ᠬᠥᠮᠥᠨ ᠰᠣᠩᠭᠤᠭᠳᠠᠵᠤ᠂ ᠤᠯᠤᠰ ᠤᠨ ᠭᠤᠣᠯᠳᠠᠯᠭ᠎ᠠ ᠪᠣᠯᠬᠤ | ᠴᠢᠳᠠᠪᠤᠷᠢᠲᠠᠳ ᠢ ᠳᠡᠮᠵᠢᠬᠦ ᠲᠥᠯᠥᠪᠯᠡᠭᠡ ᠳᠤ 14 ᠬᠥᠮᠥᠨ ᠰᠤᠩᠭᠤᠭᠳᠠᠵᠤ᠂ ᠤᠯᠤᠰ ᠤᠨ ᠭᠠᠷᠮᠠᠭᠠᠢ ᠢᠨᠵᠧᠨᠧᠷ ᠢᠶᠠᠷ 2 | ᠬᠥᠮᠥᠨ ᠰᠤᠩᠭᠤᠭᠳᠠᠪᠠ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠪᠠᠰᠠ 4 ᠵᠦᠢᠯ ᠤᠨ ᠭᠤᠣᠯᠳᠠᠯᠭ᠎ᠠ ᠪᠣᠯᠬᠤ ᠥᠭᠡᠷᠡᠴᠢᠯᠡᠯᠲᠡ ᠶᠢᠨ ᠳᠦᠷᠢᠮ ᠤᠨ ᠪᠢᠴᠢᠭ ᠮᠠᠲ᠋ᠧᠷᠢᠶᠠᠯ ᠨᠡᠶᠢᠲᠡᠯᠡᠪᠡ᠂ | ᠲᠡᠳᠡᠭᠡᠷ ᠲᠤ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠲᠠᠰ ᠢ ᠵᠡᠷᠭᠡ ᠪᠠᠷ ᠬᠡᠷᠡᠭᠵᠢᠭᠦᠯᠬᠦ ᠲᠣᠭᠲᠠᠭᠠᠯ ᠢ | ᠨᠠᠶᠢᠳᠠᠪᠤᠷᠢᠵᠢᠭᠤᠯᠬᠤ᠂ ᠲᠤᠰᠬᠠᠢ ᠮᠡᠷᠭᠡᠵᠢᠯ ᠤᠨ ᠲᠥᠷᠥᠯ ᠤᠨ ᠠᠯᠪᠠᠲᠠᠨ ᠢ ᠲᠥᠷᠥᠯ ᠬᠤᠪᠢᠶᠠᠨ ᠬᠠᠮᠢᠶᠠᠷᠬᠤ᠂ ᠰᠤᠮᠤ | ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ ᠶᠢ ᠨᠡᠶᠢᠲᠡᠯᠡᠬᠦ᠂ ᠪᠠᠶᠢᠭᠤᠯᠭ᠎ᠠ ᠶᠢᠨ ᠰᠤᠷᠲᠠᠯ ᠢ | ᠰᠠᠶᠢᠵᠢᠷᠠᠭᠤᠯᠬᠤ ᠵᠡᠷᠭᠡ ᠶᠢ ᠪᠠᠭᠲᠠᠭᠠᠪᠠ᠃ | ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠳᠤᠪᠤᠶᠢᠯᠭᠠᠵᠦ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠪᠠ | 11 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠤᠣᠯ ᠰᠡᠳᠦᠪᠲᠦ | ᠬᠤᠶᠠᠳᠤᠭᠠᠷ ᠲᠠᠯᠠᠪᠤᠷ ᠤᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ — ︽ᠵᠠᠬ᠎ᠠ ᠳᠡᠯᠭᠡᠭᠦᠷ ᠤᠨ | ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠶ᠎ᠠ︾ ᠭᠡᠬᠦ ᠲᠤᠰᠬᠠᠢ ᠲᠠᠯᠠᠪᠤᠷ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠴᠠ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠪᠠᠨ | ᠲᠠᠨᠢᠯᠴᠠᠭᠤᠯᠪᠠ᠃ | ᠥᠪᠥᠷ ᠮᠣᠩᠭᠤᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠱᠠᠭᠠᠷᠳᠠᠯᠭ᠎ᠠ ᠯᠤᠭ᠎ᠠ ᠨᠢᠭᠲᠠ | ᠤᠶᠠᠯᠳᠤᠭᠤᠯᠵᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ ᠬᠤᠶᠠᠷ ᠱᠠᠲᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷ ᠳᠠᠮᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠶᠢ ᠪᠠᠲᠤᠯᠠᠨ ᠳᠡᠮᠵᠢᠬᠦ ᠡᠷᠴᠢᠮ ᠢᠶᠠᠨ ᠴᠢᠩᠭᠠᠷᠠᠭᠤᠯᠪᠠ᠃ ᠣᠳᠣᠬᠠᠨ ᠪᠣᠯᠲᠠᠯ᠎ᠠ᠂ ᠠᠰᠠᠭᠤᠳᠠᠯ ᠢ ᠰᠢᠢᠳᠪᠦᠷᠢᠯᠡᠬᠦ | ᠂ ᠬᠠᠷᠢᠯᠴᠠᠵᠤ ᠦᠢᠯᠡᠴᠢᠯᠡᠬᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ᠂ ᠨᠢᠭᠡᠳᠦᠯᠲᠡᠢ ᠲᠥᠯᠥᠪᠯᠡᠨ | ᠨᠠᠶᠢᠳᠠᠪᠤᠷᠢᠵᠢᠭᠤᠯᠬᠤ ᠳᠥᠷᠪᠡᠨ ᠠᠵᠢᠯ ᠤᠨ ᠲᠣᠭᠲᠠᠯᠴᠠᠭ᠎ᠠ ᠶᠢ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠣᠨᠴᠠᠯᠢᠭᠲᠤ ᠳᠠᠪᠠᠭᠤᠯᠢᠭ ᠢ ᠬᠠᠷᠠᠭᠤᠯᠤᠭᠰᠠᠨ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠣᠭᠲᠠᠴᠠ ᠪᠠᠨ ᠲᠦᠷᠭᠡᠳᠬᠡᠨ ᠲᠡᠭᠦᠯᠳᠡᠷᠵᠢᠭᠦᠯᠪᠠ᠃ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ︽1+7︾ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠨᠠᠶᠢᠳᠠᠪᠤᠷᠢᠵᠢᠭᠤᠯᠤᠨ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ᠂ ︽ᠬᠠᠮᠢᠶᠠᠷᠤᠯᠲᠠ ᠶᠢᠨ ᠵᠥᠪᠯᠡᠯ + | ᠺᠣᠮᠫᠠᠨᠢ︾ ᠶᠢᠨ ᠬᠡᠪ ᠵᠠᠭᠪᠤᠷ ᠢ ᠢᠳᠡᠪᠬᠢᠲᠡᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠪᠡ᠃ 1 – 9 ᠳ᠋ᠦ᠋ᠭᠡᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠪᠥᠬᠦ ᠵᠢᠯ ᠤᠨ | 7% ᠶᠢᠨ ᠵᠢᠱᠢᠭᠰᠡᠨ ᠬᠠᠷᠠᠯᠲᠠ ᠠᠴᠠ ᠥᠨᠳᠥᠷ ᠪᠣᠯᠪᠠ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 12. | 2% ᠢᠶᠠᠷ ᠨᠡᠮᠡᠭᠳᠡᠨ᠂ ᠪᠡᠯᠡ ᠣᠷᠣᠭᠤᠯᠤᠯᠲᠠ ᠶᠢᠨ ᠵᠣᠭᠤᠰᠤᠨ ᠤ ᠲᠤᠭ᠎ᠠ ᠨᠢ ᠵᠢᠯ ᠤᠨ ᠲᠥᠯᠥᠪᠯᠡᠭᠡ ᠶᠢᠨ ᠢᠶᠠᠨ 82. | 4% ᠶᠢ ᠪᠡᠶᠡᠯᠡᠭᠦᠯᠪᠡ᠃ | ᠡᠳ᠋ ᠤᠨ ᠵᠠᠰᠠᠭ ᠤᠨ ᠬᠦᠷᠢᠶᠡᠨ ᠳᠤ᠂ ᠥᠪᠥᠷ ᠮᠣᠩᠭᠤᠯ ᠪᠠᠭᠤᠯᠭᠠᠬᠤ ᠶᠣᠰᠣᠲᠠᠢ ᠶᠢ ᠨᠢ ᠪᠦᠬᠦᠨ ᠢ ᠪᠠᠭᠤᠯᠭᠠᠬᠤ | ᠵᠠᠷᠴᠢᠮ ᠶᠣᠰᠣᠭᠠᠷ᠂ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠳᠠᠬᠢ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠪᠠᠨ ᠲᠦᠯᠬᠢᠨ ᠠᠬᠢᠭᠤᠯᠵᠤ᠂ ᠡᠳ᠋ ᠬᠥᠷᠥᠩᠭᠡ ᠶᠢᠨ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ | ᠠᠭᠤᠵᠢᠭᠤ ᠪᠣᠯᠭᠠᠪᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ ᠬᠢᠨᠠᠨ ᠵᠥᠪᠰᠢᠶᠡᠷᠡᠬᠦ ᠴᠣᠪᠣᠷᠠᠯ ᠪᠠ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ | ᠲᠠᠯ᠎ᠠ ᠪᠠᠷ ᠬᠢ ᠡᠵᠡ ᠮᠡᠳᠡᠬᠦ ᠡᠷᠬᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠮᠥᠩᠭᠦ ᠶᠢᠨ ᠲᠣᠭᠠᠴᠠᠭ᠎ᠠ ᠬᠢᠬᠦ | ᠠᠰᠢᠭᠯᠠᠮᠵᠢ ᠶᠢ ᠳᠡᠭᠡᠭᠰᠢᠯᠡᠭᠦᠯᠪᠡ᠃ | ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠲᠤᠰᠬᠠᠶᠢᠵᠢᠯᠲᠠ᠂ ᠪᠠᠷᠢᠮᠵᠢᠶᠠᠵᠢᠯᠲᠠ᠂ ᠬᠡᠪᠴᠢᠶᠡᠵᠢᠯᠲᠡ ᠪᠠ ᠪᠣᠬᠢᠷᠲᠤᠯ ᠦᠭᠡᠶᠢᠵᠢᠯᠲᠡ ᠶᠢ | ᠬᠦᠴᠦᠯᠡᠨ ᠳᠡᠭᠡᠭᠰᠢᠯᠡᠭᠦᠯᠵᠦ᠂ ︽ᠳᠥᠭᠦᠮ ᠳᠥᠲᠡ ᠪᠦᠭᠡᠳ ᠥᠨᠳᠥᠷ ᠪᠦᠲᠦᠮᠵᠢᠲᠡᠶ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠪᠥᠬᠦ ᠭᠤᠭᠴᠤᠭ᠎ᠠ ᠪᠥᠬᠦ ᠬᠡᠯᠬᠢᠶ᠎ᠡ ᠶᠢ ᠬᠠᠮᠤᠷᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ | ᠲᠣᠭᠲᠠᠯᠴᠠᠭ᠎ᠠ︾ ᠶᠢ ᠲᠦᠷᠭᠡᠳᠬᠡᠨ ᠪᠠᠶᠢᠭᠤᠯᠵᠤ᠂ ᠣᠳᠣᠬᠠᠨ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠨᠢᠭᠡᠨᠲᠡ 3000 ᠲᠦᠮᠡᠨ ᠮᠦ ᠳᠤ ᠬᠦᠷᠴᠦ᠂ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡ ᠨᠢᠭᠡᠨᠲᠡ ᠪᠥᠬᠦ ᠣᠷᠣᠨ ᠤ 70% ᠶᠢᠨ ᠦᠬᠡᠷ ᠬᠤᠨᠢ ᠲᠡᠵᠢᠭᠡᠨ ᠦᠷᠡᠵᠢᠭᠦᠯᠵᠤ | ᠪᠠᠶᠢᠭ᠎ᠠ ᠶᠢ ᠬᠠᠮᠤᠷᠪᠠ᠃ | ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ᠂ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠣᠶᠤᠨᠴᠢᠯᠠᠭᠰᠠᠨ ᠪᠦᠲᠦᠭᠡᠨ | ᠪᠠᠶᠢᠭᠤᠯᠤᠯᠲᠠ ᠶᠢ ᠬᠢᠯᠢ ᠶᠢᠨ ᠪᠣᠭᠤᠮᠲᠠ ᠶᠢᠨ ᠪᠣᠭᠤᠮᠲᠠ ᠪᠠᠷ ᠣᠷᠣᠭᠤᠯᠵᠤ ᠭᠠᠷᠭᠠᠬᠤ ᠬᠦᠷᠢᠶᠡᠨ ᠳᠠᠬᠢ | ᠥᠭᠡᠷᠡᠴᠢᠯᠡᠯᠲᠡ ᠶᠢᠨ ᠴᠢᠬᠤᠯᠠ ᠵᠦᠢᠯᠡᠰ ᠪᠣᠯᠭᠠᠪᠠ᠃ ᠡᠨᠡ ᠵᠢᠯ ᠤᠨ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ | ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠵᠤ᠂ ᠬᠢᠯᠢ ᠶᠢᠨ ᠪᠣᠭᠤᠮᠲᠠ ᠶᠢᠨ | ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠷᠢᠶᠡᠨ ᠬᠤᠳᠠ᠂ ᠭᠠᠭᠴᠠᠮᠣᠳᠤ᠂ ᠮᠠᠨᠳᠤᠯ᠂ | ᠵᠡᠭᠦᠨ ᠬᠠᠲᠠᠪᠴᠢ ᠵᠡᠷᠭᠡ ᠬᠢᠯᠢ ᠶᠢᠨ ᠪᠣᠭᠤᠮᠲᠠ ᠨᠢ ᠣᠶᠤᠨᠲᠤ ᠪᠣᠭᠤᠮᠲᠠ ᠶᠢᠨ ᠴᠡᠭ ᠢ ᠪᠦᠲᠦᠭᠡᠨ ᠪᠠᠶᠢᠭᠤᠯᠤᠨ ᠬᠡᠷᠡᠭᠯᠡᠵᠦ᠂ | ᠰᠢᠯᠭᠠᠨ ᠭᠡᠷᠡᠴᠢᠯᠡᠬᠦ ᠴᠠᠭ ᠢ 50% ᠣᠷᠴᠢᠮ ᠢᠶᠠᠷ ᠪᠠᠭᠠᠰᠬᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠨᠢ ᠠᠵᠤ ᠠᠬᠤᠶᠢᠯᠠᠯ ᠢ ᠬᠢᠨᠠᠨ ᠬᠠᠮᠢᠶᠠᠷᠬᠤ ᠠᠵᠢᠯ ᠳᠤᠮᠳᠠ ᠪᠠᠨ ᠠᠯᠳᠠᠭᠳᠠᠯ ᠲᠠᠢ ᠠᠵᠤ ᠠᠬᠤᠶᠢᠯᠠᠯ ᠢ | ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠯᠳᠠᠭᠳᠠᠯ ᠢ ᠪᠠᠭᠠᠰᠬᠠᠵᠤ | ᠠᠯᠳᠠᠭᠳᠠᠯ ᠢ ᠵᠠᠰᠠᠬᠤ ᠠᠵᠢᠯ ᠢᠶᠠᠨ ᠭᠦᠨᠵᠡᠭᠡᠢ ᠠᠬᠢᠭᠤᠯᠪᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ | ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠳᠠᠭᠠᠯᠲᠠ ᠠᠵᠤ ᠠᠬᠤᠶᠢᠯᠠᠯ ᠤᠨ ᠠᠯᠳᠠᠭᠳᠠᠯ ᠤᠨ ᠬᠡᠪᠴᠢᠶ᠎ᠡ 21. | 4% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.9 ᠵᠠᠭᠤᠨ ᠤ ᠴᠡᠭ ᠢᠶᠠᠷ ᠪᠠᠭᠤᠷᠠᠪᠠ︔ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠭᠳᠠᠯ ᠲᠠᠢ 11 ᠳᠠᠭᠠᠯᠲᠠ ᠠᠵᠤ ᠠᠬᠤᠶᠢᠯᠠᠯ ᠤᠨ 3 ᠨᠢ ᠠᠰᠢᠭ | ᠣᠯᠵᠠᠪᠤᠷᠢ ᠲᠠᠢ ᠪᠣᠯᠵᠤ᠂ 4 ᠨᠢ ᠠᠯᠳᠠᠭᠳᠠᠯ ᠢᠶᠠᠨ ᠪᠠᠭᠠᠰᠬᠠᠭᠠᠳ᠂ ᠨᠡᠶᠢᠲᠡ 2.4 ᠳ᠋ᠦᠩᠰᠢᠭᠤᠷ ᠲᠥᠭᠦᠷᠢᠭ | ᠠᠯᠳᠠᠭᠳᠠᠯ ᠢᠶᠠᠨ ᠪᠠᠭᠠᠰᠬᠠᠪᠠ᠃ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ | ᠴᠣᠭᠴᠠᠵᠢᠭᠤᠯᠤᠨ ᠥᠭᠡᠷᠡᠴᠢᠯᠡᠬᠦ ᠶᠢ ᠭᠦᠨᠵᠡᠭᠡᠶᠢᠷᠡᠭᠦᠯᠵᠦ ᠰᠢᠨ᠎ᠡ ᠡᠭᠦᠳᠦᠯᠲᠡ ᠶᠢᠨ ᠲᠣᠭᠲᠠᠯᠴᠠᠭᠠᠨ ᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠪᠡ | 11 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠤᠤᠯ ᠰᠡᠳᠦᠪᠲᠦ | ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ — ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠭᠦᠨᠵᠡᠭᠡᠶᠢᠷᠡᠭᠦᠯᠵᠦ | ᠰᠢᠨ᠎ᠡ ᠡᠭᠦᠳᠦᠯᠲᠡ ᠶᠢᠨ ᠲᠣᠭᠲᠠᠯᠴᠠᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠶ᠎ᠡ︾ ᠭᠡᠬᠦ ᠲᠤᠰᠬᠠᠶ ᠲᠠᠯᠠᠪᠤᠷ ᠤᠨ | ᠬᠤᠷᠠᠯ ᠢ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠥᠪᠥᠷ ᠮᠣᠩᠭᠤᠯ ᠴᠢᠳᠠᠪᠤᠷᠢᠲᠠᠨ ᠢ ᠬᠥᠮᠦᠵᠢᠭᠦᠯᠬᠦ᠂ ᠲᠥᠪᠯᠡᠷᠡᠭᠦᠯᠬᠦ᠂ ᠦᠨᠡᠯᠡᠬᠦ᠂ | ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠲᠥᠷᠥ ᠶᠢᠨ ᠪᠣᠳᠣᠯᠭ᠎ᠠ ᠶᠢ | ᠣᠨᠣᠴᠠᠲᠠᠢ ᠬᠡᠷᠡᠭᠵᠢᠭᠦᠯᠪᠡ᠃ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠦᠨ ᠪᠣᠳᠠᠲᠠᠶᠢᠵᠢᠭᠤᠯᠵᠤ᠂ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠣᠯᠭᠤᠮᠵᠢ ᠶᠢᠨ ᠪᠠᠲᠤᠯᠠᠭ᠎ᠠ ︽ | ᠭᠤᠷᠪᠠ ᠶᠢ ᠨᠢᠭᠡᠳᠬᠡᠬᠦ︾ ᠶᠢ ᠪᠡᠶᠡᠯᠡᠭᠦᠯᠦᠭᠰᠡᠨ ᠤ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ | ᠬᠠᠮᠢᠶᠠᠷᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠦᠷᠢᠮ ᠢ | ᠲᠡᠭᠦᠯᠳᠡᠷᠵᠢᠭᠦᠯᠬᠦ᠂ ᠠᠵᠤ ᠦᠢᠯᠡᠰ ᠪᠠ ᠰᠤᠷᠭᠠᠨ ᠬᠥᠮᠦᠵᠢᠯ ᠴᠢᠳᠠᠪᠤᠷᠢᠲᠠᠨ ᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠬᠤ ᠵᠡᠷᠭᠡ 17 ᠵᠦᠢᠯ ᠤᠨ ᠭᠤᠤᠯᠳᠠᠯᠭ᠎ᠠ ᠪᠣᠯᠬᠤ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠬᠠᠮᠢᠶ᠎ᠠ | ᠪᠥᠬᠦᠶ ᠭᠠᠵᠠᠷ ᠣᠷᠣᠨ ᠨᠢᠭᠡᠴᠢ ᠨᠦᠭᠦᠳ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ᠂ ᠤᠷᠢᠳᠴᠢᠯᠠᠨ | ᠰᠦᠪᠡᠭᠴᠢᠯᠡᠬᠦ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ | ᠵᠢᠴᠢ ᠪᠦᠯᠬᠦᠮ ᠨᠡᠶᠢᠲᠡ ᠶᠢ ᠬᠥᠲᠥᠯᠦᠨ ᠬᠥᠮᠦᠵᠢᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ︽ᠨᠢᠭᠡ ᠺᠣᠳ᠋ ᠢᠶᠠᠷ | ᠨᠡᠪᠲᠡᠷᠡᠬᠦ︾ ᠲᠣᠭᠲᠠᠯᠴᠠᠭ᠎ᠠ ᠶᠢ ᠪᠣᠶ ᠪᠣᠯᠭᠠᠵᠤ᠂ ᠺᠣᠳ᠋ ᠣᠯᠭᠤᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ | ᠦᠷ᠎ᠡ ᠬᠡᠤᠬᠡᠳ ᠨᠢ ᠰᠤᠷᠭᠠᠭᠤᠯᠢ ᠳᠤ ᠰᠣᠷᠣᠯᠴᠠᠬᠤ᠂ ᠡᠮᠴᠢᠯᠡᠭᠡ ᠡᠷᠡᠭᠦᠯᠵᠢᠯ ᠵᠡᠷᠭᠡ ᠲᠠᠯ᠎ᠠ ᠪᠠᠷ ᠬᠦᠨᠳᠦᠳᠬᠡᠬᠦ ᠪᠠ | ᠳᠥᠭᠦᠮᠯᠡᠬᠦ ᠦᠢᠯᠡᠴᠢᠯᠡᠭᠡ ᠬᠠᠩᠭᠠᠨ᠎ᠠ᠃ | ᠥᠪᠥᠷ ᠮᠣᠩᠭᠤᠯ ᠴᠢᠳᠠᠪᠤᠷᠢᠲᠠᠨ ᠢ ᠦᠨᠡᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠯᠢᠳᠡᠭ᠂ ᠳᠠᠯᠳᠠ ᠬᠦᠴᠦᠨ | ᠪᠦᠬᠦᠢ ᠨᠡᠩ ᠣᠯᠠᠨ ᠴᠢᠳᠠᠪᠤᠷᠢᠲᠠᠨ ᠢ ᠦᠢᠯᠡᠴᠢᠯᠡᠭᠡᠨ ᠤ ᠪᠠᠲᠤᠯᠠᠭ᠎ᠠ ᠪᠠ ᠭᠤᠣᠯᠳᠠᠯᠭ᠎ᠠ ᠲᠠᠢ ᠳᠡᠮᠵᠢᠬᠦ ᠬᠡᠪᠴᠢᠶᠡᠨ ᠳᠤ | ᠣᠷᠣᠭᠤᠯᠪᠠ᠂ ᠡᠨᠡ ᠵᠢᠯ ᠠᠴᠠ ᠡᠬᠢᠯᠡᠨ᠂ ᠥᠪᠥᠷ ᠮᠣᠩᠭᠤᠯ ᠣᠷᠣᠭᠤᠯᠤᠨ ᠠᠪᠴᠢᠷᠠᠭᠰᠠᠨ ᠳᠡᠭᠡᠳᠦ ᠲᠡᠰ ᠤᠨ | ᠴᠢᠳᠠᠪᠤᠷᠢᠲᠠᠨ ᠢ ︽ᠬᠠᠮ ᠬᠦᠴᠦᠨ ᠵᠦᠢᠯ ᠲᠠᠢ ᠲᠠᠲᠠᠨ ᠠᠪᠴᠢᠷᠠᠬᠤ︾ ᠪᠤᠶᠤ ᠲᠤᠰ ᠭᠠᠵᠠᠷ ᠲᠤ ᠨᠠᠶᠢᠳᠠᠨ ᠪᠦᠯᠬᠦᠮ | ᠵᠣᠬᠢᠶᠠᠨ ᠪᠠᠶᠢᠭᠤᠯᠬᠤ ᠶᠢ ᠨᠢ ᠳᠡᠮᠵᠢᠨ᠎ᠡ᠃ ᠵᠢᠯ ᠪᠦᠷᠢ ᠲᠤᠰ ᠭᠠᠵᠠᠷ ᠣᠷᠣᠨ ᠤ ᠨᠢᠭᠡ ᠠᠴᠠ ᠵᠢᠷᠭᠤᠳᠤᠭᠠᠷ ᠲᠥᠷᠥᠯ ᠤᠨ | ᠴᠢᠳᠠᠪᠤᠷᠢᠲᠠᠨ ᠢᠶᠠᠷ ᠲᠡᠷᠢᠭᠦᠯᠡᠭᠰᠡᠨ 50 ᠨᠡᠷᠡᠰ ᠣᠷᠴᠢᠮ ᠤᠨ ᠪᠦᠯᠬᠦᠮ ᠨᠡᠶᠢᠲᠡ ᠶᠢ ᠰᠣᠩᠭᠤᠨ ᠬᠥᠮᠥᠵᠢᠭᠦᠯᠵᠦ᠂ ᠵᠣᠬᠢᠬᠤ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠬᠦ ᠶᠢᠨ ᠬᠠᠮᠲᠤ᠂ ᠬᠥᠮᠦᠨ ᠬᠡᠷᠡᠭᠯᠡᠬᠦ ᠨᠢᠭᠡᠴᠢ | ᠪᠣᠯᠤᠨ ᠴᠢᠳᠠᠪᠤᠷᠢᠲᠠᠨ ᠳᠤ ᠤᠯᠠᠮ ᠨᠢᠭᠡ ᠠᠯᠬᠤᠮ ᠡᠷᠬᠡ ᠣᠯᠭᠤᠨ ᠴᠢᠯᠦᠭᠡᠲᠡᠢ ᠪᠠᠶᠢᠯᠭᠠᠨ᠎ᠠ᠃ | ᠥᠪᠥᠷ ᠮᠣᠩᠭᠤᠯ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ | ᠭᠤᠣᠯ ᠴᠣᠭᠴᠠ ᠪᠣᠯᠬᠤ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ | ᠡᠭᠦᠳᠦᠯᠲᠡ ᠶᠢᠨ ᠬᠤᠯᠪᠣᠭᠠᠲᠤ ᠴᠣᠭᠴᠠ ᠪᠠᠶᠢᠭᠤᠯᠬᠤ ᠶᠢ ᠨᠢ ᠳᠡᠮᠵᠢᠨ᠎ᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠪᠡᠯᠡᠳᠬᠡᠯ ᠮᠥᠩᠭᠦᠨ ᠤ ᠳᠦᠷᠢᠮ ᠪᠠᠶᠢᠭᠤᠯᠬᠤ ᠶᠢ ᠠᠬᠢᠭᠤᠯᠵᠤ᠂ ᠲᠥᠷᠥᠯ ᠬᠤᠪᠢᠶᠠᠨ ᠱᠠᠩᠨᠠᠵᠤ ᠨᠥᠬᠦᠪᠦᠷᠢᠯᠡᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ ᠪᠠᠶᠢᠭᠠᠳ ᠠᠵᠤ ᠠᠬᠤᠶᠢᠯᠠᠯ ᠤᠨ ᠬᠢᠨ ᠤ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠬᠦ ᠶᠢ ᠨᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠤᠨ ᠱᠠᠲᠤᠯᠠᠨ ᠪᠤᠶᠢᠵᠢᠬᠤ ᠲᠣᠭᠲᠠᠴᠠ ᠶᠢ ᠪᠦᠷᠢᠨᠰᠢᠭᠦᠯᠦᠨ᠎ᠡ᠃ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠳ ᠤᠨ ᠵᠠᠬ᠎ᠠ ᠳᠡᠯᠭᠡᠭᠦᠷᠴᠢᠯᠡᠭᠰᠡᠨ ᠠᠯᠤᠰ | ᠢᠷᠡᠭᠡᠳᠦᠶ ᠲᠠᠢ ᠲᠤᠰᠬᠠᠶ ᠠᠰᠢᠭ ᠤᠨ ᠮᠡᠷᠭᠡᠵᠢᠯ ᠰᠢᠯᠢᠨ ᠰᠣᠩᠭᠤᠬᠤ ᠶᠢ ᠨᠢ ᠵᠣᠷᠢᠭᠵᠢᠭᠤᠯᠵᠤ᠂ ᠲᠤᠰᠬᠠᠶ ᠠᠰᠢᠭ ᠤᠨ | ᠨᠡᠭᠡᠭᠡᠯᠲᠡ ᠬᠢᠬᠦ ᠵᠥᠪᠰᠢᠶᠡᠷᠡᠯ᠂ ᠤᠷᠢᠳ ᠢᠶᠠᠷ ᠬᠡᠷᠡᠭᠯᠡᠵᠦ ᠳᠠᠷᠠᠭ᠎ᠠ ᠨᠢ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠨᠢ ᠳᠡᠮᠵᠢᠨ᠎ᠡ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠥᠪᠥᠷ | ᠮᠣᠩᠭᠤᠯ ᠲᠡᠷᠢᠭᠦᠨ ᠤ ᠬᠢᠴᠢᠶᠡᠯ ᠲᠥᠷᠥᠯ ᠤᠨ ᠰᠢᠯᠢᠳᠡᠭ ᠢ ᠪᠣᠢ ᠪᠣᠯᠭᠠᠬᠤ ᠠᠵᠢᠯᠯᠠᠭᠠᠨ ᠢ ᠬᠡᠷᠡᠭᠵᠢᠭᠦᠯᠵᠦ᠂ ᠡᠪᠡᠰᠦᠨ ᠤ | ᠤᠬᠠᠭᠠᠨ᠂ ᠠᠮᠢ ᠠᠬᠤᠶ ᠶᠢᠨ ᠤᠬᠠᠭᠠᠨ᠂ ᠢᠳᠡᠭᠡᠨ ᠤ ᠵᠦᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ | ᠤᠭᠰᠠᠭᠠᠲᠠᠨ ᠤ ᠵᠦᠢ ᠵᠡᠷᠭᠡ ᠳᠠᠪᠠᠭᠤᠯᠢᠭ ᠤᠨᠴᠠᠯᠢᠭᠳᠤ ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠪᠣᠢ ᠪᠣᠯᠭᠠᠵᠤ | ᠪᠠᠶᠢᠭᠠᠳ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠡᠶᠢᠰᠢ ᠲᠡᠮᠡᠦᠯᠦᠭᠦᠯᠦᠨᠡ᠃ ᠰᠦ ᠰᠠᠭᠠᠯᠢ ᠶᠢᠨ ᠦᠢᠯᠡᠰ᠂ | ᠬᠤᠪᠣᠷ ᠰᠢᠷᠣᠢ᠂ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ | ᠬᠦᠷᠢᠶᠡᠯᠡᠩ ᠢ ᠵᠣᠬᠢᠶᠠᠨ ᠪᠠᠶᠢᠭᠤᠯᠵᠤ᠂ ᠴᠢᠳᠠᠪᠤᠷᠢᠲᠠᠨ ᠢ ᠬᠥᠮᠥᠵᠢᠭᠦᠯᠬᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ | ᠬᠠᠮᠵᠢᠯᠴᠠᠨ ᠠᠬᠢᠭᠤᠯᠤᠨ᠎ᠠ᠃ ᠪᠠᠰᠠ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠣᠯᠤᠨ ᠪᠡᠭᠡᠵᠢᠩ | ᠲᠢᠶᠠᠨᠵᠢᠨ ᠾᠧᠪᠸᠢ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠬᠤᠯᠪᠣᠭᠠᠯᠠᠨ ᠬᠥᠮᠦᠵᠢᠭᠦᠯᠬᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠤᠯᠪᠣᠭᠠᠯᠠᠨ ᠰᠢᠨ᠎ᠡ ᠶᠢ ᠡᠭᠦᠳᠬᠦ᠂ ᠲᠠᠪᠴᠠᠩ ᠢ ᠬᠤᠯᠪᠣᠭᠠᠯᠠᠨ ᠬᠠᠮᠲᠤ ᠪᠠᠷ | ᠪᠠᠶᠢᠭᠤᠯᠬᠤ ᠵᠡᠷᠭᠡ ᠲᠠᠯ᠎ᠠ ᠪᠠᠷ ᠠᠬᠢᠭᠤᠯᠵᠤ ᠪᠠᠶᠢᠭᠠᠳ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠪᠠ ᠡᠬᠢ | ᠪᠠᠶᠠᠯᠢᠭ ᠢ ᠬᠠᠮᠲᠤ ᠬᠦᠷᠲᠡᠬᠦ ᠠᠵᠢᠯ ᠢ ᠰᠠᠶᠢᠲᠤᠷ ᠬᠢᠨ᠎ᠡ᠃ | ᠡᠭᠦᠨ ᠤ ᠬᠠᠮᠲᠤ᠂ ᠵᠢᠯ ᠪᠦᠷᠢ ᠶᠡᠭᠡ ᠳᠡᠭᠡᠳᠦ ᠰᠤᠷᠭᠠᠭᠤᠯᠢ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 100 | ᠣᠷᠴᠢᠮ ᠤᠨ ᠰᠢᠯᠢᠳᠡᠭ ᠵᠠᠯᠠᠭᠤ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 30 ᠣᠷᠴᠢᠮ | ᠳᠠᠭᠠᠭᠤᠯᠤᠭᠴᠢ ᠵᠠᠯᠠᠭᠤ ᠴᠢᠳᠠᠪᠤᠷᠢᠲᠠᠨ ᠤ ᠰᠢᠨ᠎ᠡ ᠡᠭᠦᠳᠦᠯᠲᠡ ᠶᠢᠨ ᠪᠦᠯᠬᠦᠮ ᠨᠡᠶᠢᠲᠡ ᠶᠢ ᠰᠢᠯᠢᠨ ᠰᠣᠩᠭᠤᠵᠤ᠂ | ᠭᠤᠣᠯᠳᠠᠭᠤ 35 ᠪᠦᠬᠦᠯᠢ ᠨᠠᠰᠤᠨ ᠠᠴᠠ ᠳᠣᠷᠣᠭᠰᠢᠬᠢ ᠵᠠᠯᠠᠭᠤ ᠴᠢᠳᠠᠪᠤᠷᠢᠲᠠᠨ ᠪᠠ 40 ᠨᠠᠰᠤᠨ ᠠᠴᠠ ᠳᠣᠷᠣᠭᠰᠢᠬᠢ | ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠨᠡᠶᠢᠲᠡ ᠲᠡᠶᠢᠰᠢ ᠳᠡᠮᠵᠢᠯᠭᠡ ᠦᠵᠡᠭᠦᠯᠵᠦ᠂ ᠨᠢᠭᠡ ᠪᠦᠯᠦᠭ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠵᠠᠯᠠᠭᠤ ᠴᠢᠳᠠᠪᠤᠷᠢᠲᠠᠨ ᠪᠠ ᠥᠨᠳᠥᠷ ᠬᠢᠷᠢ ᠲᠦᠪᠰᠢᠨ ᠲᠠᠢ ᠪᠠᠭᠰᠢ | ᠨᠠᠷ ᠢ ᠬᠥᠮᠥᠵᠢᠭᠦᠯᠦᠨ᠎ᠡ᠃ |