【2024ᠤᠨ ᠤ ᠲᠡᠮᠳᠡᠭᠯᠡᠯ】ᠴᠢᠬᠤᠯᠠ ᠶᠡᠭᠡ ᠲᠦᠷᠦᠯ ᠵᠦᠢᠯ ᠤᠨ ᠬᠦᠭᠵᠢᠯᠲᠡ ᠂  ᠰᠢᠨ᠎ᠡ  ᠬᠦᠳᠡᠯᠭᠡᠭᠦᠷ ᠢ ᠲᠦᠷᠭᠡᠳᠭᠡᠨ᠎ᠡ
ᠨᠡᠶᠢᠲᠡᠯᠡᠭᠰᠡᠨ ᠴᠠᠭ᠄
2024/12/31
    2024 ᠣᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠶᠠᠰᠤ ᠴᠢᠨᠠᠷ ᠢᠶᠠᠷ ᠰᠢᠯᠢᠳᠡᠭ᠂ ᠦᠷ᠎ᠡ ᠠᠰᠢᠭ ᠢᠶᠠᠷ ᠰᠠᠶᠢᠨ ᠴᠢᠬᠤᠯᠠ ᠶᠡᠭᠡ ᠲᠥᠷᠥᠯ ᠵᠦᠢᠯ ᠢ ᠭᠦᠨᠵᠡᠭᠡᠶ ᠠᠭᠤᠳᠠᠯᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃◆ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠪᠴᠢᠯᠡᠨ ᠠᠬᠢᠭᠤᠯᠤᠨ᠎ᠠ           ᠮᠠᠨ ᠤ ᠣᠷᠣᠨ ᠡᠨᠡ ᠵᠢᠯ ᠨᠡᠶᠢᠲᠡ 71 ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠤᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 573.84 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠡᠭᠡᠨ 318.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ 71 ᠴᠢᠬᠤᠯᠠ ᠶᠡᠭᠡ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 100% ᠳᠤ ᠬᠦᠷᠴᠡᠶ᠃ 1- 11 ᠰᠠᠷ᠎ᠠ ᠳᠤ᠂ ᠴᠢᠬᠤᠯᠠ ᠶᠡᠭᠡ ᠲᠦᠷᠦᠯ ᠵᠦᠢᠯ ᠳᠤ 145.77 ᠳ᠋ᠦᠩᠰᠢᠭᠤᠷ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ 86% ᠶᠢ ᠡᠵᠡᠯᠡᠪᠡ᠃ᠪᠤᠭᠤᠲᠤ ᠬᠤᠲᠠ ᠶᠢᠨ ᠬᠤᠸᠠ ᠬᠤᠩ  ᠰᠢᠨ᠎ᠡ‌ᠮᠠᠲ᠋ᠧᠷᠢᠶᠠᠯ ᠤᠨ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ      ᠪᠤᠭᠤᠲᠤ ᠬᠤᠲᠠ ᠶᠢᠨ ᠬᠤᠸᠠ ᠬᠤᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 2 ᠲᠦᠮᠡᠨ ᠲᠣᠨ ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ  ᠦᠢᠯᠡᠳᠪᠦᠷᠢᠯᠡᠬᠦ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ 7 ᠳ᠋ᠦᠩᠰᠢᠭᠤᠷ ᠲᠥᠭᠦᠷᠢᠭ᠂ 140 ᠮᠥ ᠭᠠᠵᠠᠷ ᠡᠵᠡᠯᠡᠪᠡ᠃ ᠲᠣᠰ ᠲᠥᠷᠥᠯ ᠵᠦᠢᠯ ᠨᠢ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠦᠵᠦᠭᠦᠷ ᠲᠤ ᠬᠠᠷᠢᠶᠠᠯᠠᠭᠳᠠᠵᠤ᠂ ᠦᠢᠯᠡᠳᠪᠦᠷᠢᠯᠡᠭᠰᠡᠨ ᠳᠡᠭᠡᠳᠦ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠢᠨ᠎ᠡ ᠡᠨᠧᠷᠭᠢ ᠶᠢᠨ ᠮᠠᠰᠢᠨ ᠲᠡᠷᠭᠡ᠂  ᠡᠯᠧᠺᠲᠷᠤᠨ ᠲᠣᠨᠣᠭᠯᠠᠭᠠᠰᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠬᠦᠭᠡᠷᠦᠮᠵᠢ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠪᠡ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠦᠢᠯᠡᠳᠪᠦᠷᠢᠯᠡᠯ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 30 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠶᠢ 2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 800 ᠬᠥᠮᠦᠨ ᠳᠤ ᠠᠵᠢᠯ ᠣᠯᠭᠤᠬᠤ ᠶᠢ ᠳᠠᠶᠢᠴᠢᠯᠠᠬᠤ ᠪᠣᠯᠤᠨ᠎ᠠ᠃
 ᠶᠢᠨ ᠯᠦᠩ ᠬᠤᠪᠣᠷ ᠰᠢᠷᠤᠢ ︵ᠪᠤᠭᠤᠲᠤ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ    ᠰᠢᠶᠠᠮᠧᠨ ᠤ ᠸᠣᠯᠹᠷᠠᠮ ᠤᠨ ᠦᠢᠯᠡᠰ ᠤᠨ ᠶᠢᠨ ᠯᠦᠩ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠵᠢᠯ ᠳᠤ 5000 ᠲᠣᠨ ᠥᠨᠳᠥᠷ ᠴᠢᠳᠠᠪᠬᠢᠲᠤ ᠪᠣᠷ ᠤᠨ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ᠂ 200 ᠮᠦ ᠭᠠᠵᠠᠷ ᠡᠵᠡᠯᠡᠳᠡᠭ᠃ ᠲᠣᠰ ᠲᠥᠷᠥᠯ ᠵᠦᠢᠯ ᠤᠨ ᠭᠤᠤᠯ ᠡᠵᠡᠩᠨᠡᠵᠦ ᠪᠠᠶᠢᠭ᠎ᠠ ᠦᠢᠯᠡᠳᠬᠦᠨ ᠨᠢ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠦᠵᠦᠭᠦᠷ ᠲᠤ ᠪᠠᠶᠢᠷᠢᠯᠠᠵᠤ᠂ ᠡᠯ᠎ᠡ ᠵᠦᠢᠯ ᠤᠨ ᠴᠠᠬᠢᠯᠭᠠᠨ ᠮᠠᠰᠢᠨ ᠵᠢᠴᠢ ᠴᠢᠩᠭ᠎ᠠ ᠵᠠᠢ ᠵᠠᠪᠰᠠᠷ ᠲᠠᠢ ᠰᠣᠷᠢᠨᠵᠢᠨ ᠲᠠᠯᠠᠪᠠᠢ ᠭᠠᠷᠭᠠᠬᠤ ᠴᠢᠬᠤᠯᠠᠲᠠᠶ ᠲᠣᠨᠣᠭᠯᠠᠭᠠᠰᠤ ᠶᠢᠨ ᠳᠣᠲᠣᠷ᠎ᠠ ᠥᠷᠭᠡᠨ ᠢᠶᠠᠷ ᠬᠡᠷᠡᠭᠯᠡᠭᠳᠡᠵᠡᠶ᠃ ᠰᠢᠶᠠᠮᠧᠨ ᠤ ᠸᠣᠯᠹᠷᠠᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 727 ᠲᠤᠰᠬᠠᠶ ᠠᠰᠢᠭ ᠲᠤ ᠰᠠᠭᠤᠵᠤ᠂ ᠡᠷᠬᠡ ᠣᠯᠭᠤᠭᠰᠠᠨ ᠲᠤᠰᠬᠠᠶ ᠠᠰᠢᠭ 410 ᠬᠤᠪᠢ ᠪᠠᠶᠢᠵᠤ᠂ ᠬᠤᠪᠣᠷ ᠰᠢᠷᠣᠶ ᠶᠢᠨ ᠸᠣᠯᠹᠷᠠᠮ ᠤᠨ ᠬᠠᠶᠢᠯᠤᠰᠢ ᠪᠣᠯᠪᠠᠰᠤᠷᠠᠭᠤᠯᠬᠤ᠂ ᠲᠠᠯᠠᠰᠲᠤ ᠵᠠᠭᠠᠭ ᠲᠠᠷᠬᠠᠬᠤ ᠵᠡᠷᠭᠡ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠢ ᠡᠵᠡᠮᠰᠢᠪᠡ᠃ᠪᠤᠭᠤᠲᠤ ᠶᠢᠨ ᠶᠦᠨ  ᠱᠸᠡᠭ  ᠰᠢᠨᠵᠢᠯᠡᠭᠡ ᠮᠡᠷᠭᠡᠵᠢᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ     ᠪᠤᠭᠤᠲᠤ ᠶᠢᠨ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠢᠯ ᠳᠤ 15000 ᠲᠣᠨ ᠳᠡᠭᠡᠳᠦ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠣᠶᠤᠨᠴᠢ ᠦᠢᠯᠡᠳᠬᠦ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 11 ᠳ᠋ᠦᠩᠰᠢᠭᠤᠷ ᠲᠥᠭᠦᠷᠢᠭ᠂ 130 ᠮᠦ ᠭᠠᠵᠠᠷ ᠡᠵᠡᠯᠡᠨ᠂ ᠭᠤᠣᠯᠳᠠᠭᠤ ᠨᠸᠣᠳᠢᠮ ᠲᠡᠮᠦᠷ ᠤᠨ ᠰᠣᠷᠢᠨᠵᠢᠨ ᠮᠠᠲ᠋ᠧᠷᠢᠶᠠᠯ ᠢ ᠰᠢᠲᠠᠭᠠᠨ ᠪᠠᠷᠢᠯᠳᠤᠭᠤᠯᠬᠤ ᠪᠦᠷᠢᠨ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ᠎ᠠ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ ᠨᠡᠶᠢᠲᠡ ᠦᠢᠯᠡᠳᠪᠦᠷᠢᠯᠡᠯ ᠤᠨ ᠴᠢᠳᠠᠪᠤᠷᠢ 33000 ᠲᠣᠨ ᠳᠤ ᠬᠦᠷᠴᠦ᠂ 50SH᠂ 42UH᠂ ᠬᠦᠨᠳᠦ ᠥᠬᠡᠶ ᠬᠤᠪᠣᠷ ᠰᠢᠷᠣᠶ ᠶᠢᠨ 48H᠂ ᠬᠦᠨᠳᠦ ᠥᠬᠡᠶ ᠬᠤᠪᠣᠷ ᠰᠢᠷᠣᠶ ᠶᠢᠨ 42SH ᠵᠡᠷᠭᠡ ᠳᠡᠭᠡᠳᠦ ᠲᠠᠰ ᠤᠨ  ᠦᠢᠯᠡᠳᠭᠦᠨ ᠢ ᠪᠥᠭᠡᠮ ᠢᠶᠠᠷ  ᠦᠢᠯᠡᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠣᠯᠠᠨ  ᠵᠦᠢᠯ ᠤᠨ  ᠦᠢᠯᠡᠳᠭᠦᠨ ᠤ ᠬᠤᠭᠤᠰᠣᠨ ᠢ ᠨᠥᠬᠦᠪᠥᠷᠢᠯᠡᠨ᠎ᠡ᠃
◆ᠴᠢᠬᠤᠯᠠ ᠶᠡᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠥᠬᠦ ᠲᠠᠯ᠎ᠠ ᠪᠠᠷ ᠠᠬᠢᠭᠤᠯᠵᠠᠶ     ᠮᠠᠨ ᠤ ᠣᠷᠣᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠥᠬᠦ ᠲᠠᠯ᠎ᠠ ᠪᠠᠷ ᠠᠬᠢᠭᠤᠯᠪᠠ᠃ ᠣᠳᠣᠬᠠᠨ ᠪᠣᠯᠲᠠᠯ᠎ᠠ᠂ ᠪᠠᠷᠢᠯᠭ᠎ᠠ ᠳᠠᠭᠤᠰᠤᠭᠰᠠᠨ ᠲᠥᠷᠥᠯ ᠵᠦᠢᠯ 50 ᠬᠦᠷᠴᠦ᠂ ᠵᠢᠱᠢᠭᠰᠡᠨ ᠬᠠᠷᠠᠯᠲᠠ ᠪᠠᠨ ᠪᠡᠶᠡᠯᠡᠭᠦᠯᠪᠡ᠃ᠱᠤᠸᠠᠩ ᠯᠢᠶᠠᠩ ᠵᠢᠩ ᠴᠠᠬᠢᠭᠤᠷ ᠤᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ    ᠱᠤᠸᠠᠩ ᠯᠢᠶᠠᠩ ᠵᠢᠩ ᠴᠠᠬᠢᠭᠤᠷ ᠤᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ 50GW ᠶᠢᠨ ᠶᠡᠭᠡ ᠪᠠᠭ᠎ᠠ ᠲᠠᠩ ᠲᠠᠯᠠᠰᠲᠤ ᠴᠠᠬᠢᠭᠤᠷ ᠤᠨ ᠲᠠᠲᠠᠭᠤᠷ ᠲᠠᠯᠠᠰᠲᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 150 ᠳ᠋ᠦᠩᠰᠢᠭᠤᠷ ᠲᠥᠭᠦᠷᠢᠭ᠂ ᠬᠡᠷᠡᠭᠯᠡᠬᠦ ᠭᠠᠵᠠᠷ 823 ᠮᠥ ᠪᠠᠶᠢᠵᠤ᠂ ᠲᠠᠩ ᠲᠠᠯᠠᠰᠲᠤ ᠦᠢᠯᠡᠳᠪᠦᠷᠢ ᠶᠢᠨ ᠲᠠᠰᠤᠭ᠂ 220KV ᠬᠦᠴᠦᠳᠡᠯ ᠥᠭᠡᠷᠡᠴᠢᠯᠡᠬᠦ ᠥᠷᠲᠡᠭᠡ᠂ ᠠᠷᠭᠤᠨ ᠬᠡᠶ ᠶᠢ ᠡᠭᠡᠭᠦᠯᠦᠨ ᠬᠤᠷᠢᠶᠠᠬᠤ ᠥᠷᠲᠡᠭᠡ ᠵᠢᠴᠢ ᠪᠤᠰᠤᠳ ᠢᠵᠢ ᠪᠥᠷᠢᠳᠦᠭᠦᠯᠬᠦ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠮᠠᠨ ᠤ ᠣᠷᠣᠨ ᠲᠣᠰ ᠺᠣᠮᠫᠠᠨᠢ ᠲᠠᠢ ᠢᠳᠡᠪᠬᠢᠲᠡᠶ ᠬᠠᠮᠵᠢᠯᠴᠠᠨ ᠠᠩᠭ᠍ᠯᠢ ᠶᠢᠨ ᠪᠠᠷᠢᠮᠵᠢᠶ᠎ᠠ ᠶᠢᠨ ᠨᠡᠶᠢᠭᠡᠮᠯᠢᠭ ︵BSI︶ ᠠᠴᠠ ᠣᠯᠭᠤᠭᠰᠠᠨ ISO14064 ᠬᠦᠯᠡᠮᠵᠢ ᠶᠢᠨ ᠬᠡᠶ ᠪᠡᠶᠡᠲᠦ ︵GreenhouseGas ᠭᠡᠵᠦ ᠲᠣᠪᠴᠢᠯᠠᠨ᠎ᠠ︶ ᠶᠢᠨ ᠭᠠᠳᠠᠭᠰᠢᠯᠠᠭᠤᠯᠤᠯᠲᠠ ᠶᠢ ᠬᠢᠨᠠᠨ ᠪᠠᠶᠢᠴᠠᠭᠠᠵᠤ ᠢᠯᠡᠷᠬᠡᠶᠢᠯᠡᠭᠰᠡᠨ ᠦᠨᠡᠮᠯᠡᠯ ᠤᠨ ᠦᠨᠡᠮᠯᠡᠯ ᠢ ᠣᠯᠤᠭᠰᠠᠨ ᠪᠥᠭᠡᠳ ISO56005 ᠪᠠᠷ ᠳᠠᠮᠵᠢᠭᠤᠯᠤᠨ ᠬᠠᠮᠢᠶᠠᠷᠤᠯᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠭᠡ ᠳᠤ ᠰᠢᠨ᠎ᠡ ᠶᠢ ᠡᠭᠦᠳᠪᠡ᠃
ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ      ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ ᠶᠢᠨ ᠸᠧ ᠯᠦᠩ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 12.6 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠭᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ ᠳᠣᠣᠷ᠎ᠠ ᠬᠤᠷᠳᠤᠴᠠᠲᠤ ᠶᠡᠭᠡ ᠴᠢᠳᠠᠯᠲᠤ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ ᠴᠢᠳᠬᠤᠮᠠᠯ ᠲᠣᠨᠤᠭ᠂ ᠡᠨᠧᠷᠭᠢ ᠬᠠᠳᠠᠭᠠᠯᠠᠬᠤ ᠰᠢᠰᠲ᠋ᠧᠮ ᠵᠡᠷᠭᠡ ᠦᠢᠯᠡᠳᠬᠦᠨ ᠤ ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠠᠶᠢᠭᠤᠯᠤᠨ᠎ᠠ᠃ ᠲᠣᠭᠲᠠᠮᠠᠯ ᠰᠣᠷᠢᠨᠵᠢᠨ ᠰᠢᠭᠤᠳ ᠬᠥᠳᠡᠯᠭᠡᠬᠦ ᠴᠠᠬᠢᠯᠭᠠᠨ ᠮᠠᠰᠢᠨ ᠪᠣᠯ ᠣᠳᠣᠬᠠᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠡᠷᠭᠡᠵᠢᠯ ᠤᠨ ᠬᠡᠷᠡᠭᠯᠡᠭᠡᠨ ᠤ ᠬᠦᠷᠢᠶᠡᠨ ᠤ ᠣᠷᠦ᠋ᠢᠯᠠᠭᠰᠠᠨ ᠦᠢᠯᠡᠳᠬᠦᠨ ᠪᠣᠯᠤᠨ᠎ᠠ᠂ ᠤᠯᠠᠮᠵᠢᠯᠠᠯᠲᠤ ︽ᠣᠨᠳᠣᠣ ᠠᠯᠬᠤᠮᠲᠤ ᠴᠠᠬᠢᠯᠭᠠᠨ ᠮᠠᠰᠢᠨ ᠤ ᠬᠤᠷᠳᠤᠴᠠ ᠤᠳᠠᠭᠠᠰᠢᠷᠠᠭᠤᠯᠤᠭᠴᠢ ᠲᠤᠰᠠᠯᠠᠬᠤ ᠲᠥᠬᠦᠭᠡᠷᠦᠮᠵᠢ︾ ᠶᠢᠨ ᠵᠠᠭᠪᠤᠷ ᠢ ᠣᠷᠣᠯᠠᠭᠤᠯᠵᠤ᠂ ᠳᠡᠭᠡᠳᠦ ᠬᠡᠮᠵᠢᠶ᠎ᠡ ᠪᠠᠷ ᠲᠥᠪᠯᠡᠷᠡᠭᠦᠯᠬᠦ ᠶᠢ ᠪᠡᠶᠡᠯᠡᠭᠦᠯᠵᠦ᠂ ᠨᠠᠶᠢᠳᠠᠪᠤᠷᠢᠲᠤ ᠴᠢᠨᠠᠷ ᠪᠠ ᠳᠠᠮᠵᠢᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠠᠬᠤᠢ ᠪᠠᠶᠢᠳᠠᠯ ᠮᠠᠰᠢ ᠥᠷᠭᠡᠨ ᠳᠡᠯᠭᠡᠷ ᠪᠠᠶᠢᠳᠠᠭ᠃ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠤᠴᠠ ᠳᠤ᠂ ᠮᠠᠨ ᠤ ᠣᠷᠣᠨ ᠲᠤᠰ ᠺᠣᠮᠫᠠᠨᠢ ᠶᠢ ᠢᠳᠡᠪᠬᠢᠲᠡᠶ ᠬᠠᠮᠵᠢᠵᠤ ᠪᠠᠶᠢᠭᠠᠳ 1GW ᠶᠢᠨ ᠡᠨᠧᠷᠭᠢ ᠶᠢᠨ ᠭᠦᠢᠴᠡᠳᠬᠡᠬᠦ ᠲᠤᠭ᠎ᠠ ᠶᠢ ᠴᠢᠷᠮᠠᠶᠢᠨ ᠣᠯᠪᠠ᠃ ᠶᠢᠨ ᠯᠢ ᠶᠦᠩ  ᠼᠢ ︵ᠪᠤᠭᠤᠲᠤ︶  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ     ᠶᠢᠨ ᠯᠢ ᠶᠦᠩ  ᠼᠢ ︵ᠪᠤᠭᠤᠲᠤ︶  ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠴᠢᠳᠡᠪᠬᠢᠳᠦ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠶᠡᠷᠦᠩᠬᠡᠶ ᠪᠡᠯᠡ ᠣᠷᠣᠭᠤᠯᠤᠯᠲᠠ ᠨᠢ 7 ᠳ᠋ᠦᠩᠰᠢᠭᠤᠷ ᠲᠥᠭᠦᠷᠢᠭ᠂ ᠰᠢᠨ᠎ᠡ ᠪᠠᠷ ᠨᠡᠮᠡᠭᠳᠡᠭᠰᠡᠨ ᠭᠠᠳᠠᠷᠭᠤ ᠶᠢᠨ  ᠰᠢᠢᠳᠪᠦᠷᠢᠯᠡᠬᠦ ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠵᠡᠷᠭᠡ᠂ ᠲᠥᠷᠥᠯ ᠵᠦᠢᠯ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠳᠤ 12000 ᠲᠣᠨ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠴᠢᠳᠠᠪᠤᠷᠢ ᠶᠢ ᠪᠤᠶ ᠪᠣᠯᠭᠠᠨ᠎ᠠ᠃ ᠮᠠᠨ ᠤ ᠣᠷᠣᠨ ᠤ ᠢᠳᠡᠪᠬᠢᠲᠡᠶ ᠲᠠᠨᠢᠯᠴᠠᠭᠤᠯᠭ᠎ᠠ ᠳᠣᠤᠷ᠎ᠠ᠂ ᠲᠣᠰ ᠺᠣᠮᠫᠠᠨᠢ 2024 ᠣᠨ ᠤ ᠬᠤ᠋ ᠷᠦᠨ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠤᠨ ᠪᠥᠬᠦ ᠤᠯᠤᠰ ᠤᠨ ᠵᠠᠭᠤᠨ ᠬᠦᠴᠦᠷᠬᠡᠭ ᠤᠨ ᠰᠠᠮᠪᠠᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 30 ᠬᠦᠴᠦᠷᠬᠡᠭ ᠤᠨ ᠲᠠᠪᠴᠠᠩ ᠳᠤ ᠰᠣᠩᠭᠤᠭᠳᠠᠪᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠲᠤ ᠰᠣᠩᠭᠤᠭᠳᠠᠪᠠ︔ ᠳᠤᠮᠳᠠᠳᠤ ᠤᠯᠤᠰ ᠤᠨ ᠰᠠᠶᠢᠨ ᠮᠡᠷᠭᠡᠵᠢᠯ ᠤᠨ ᠱᠠᠩᠨᠠᠯ ︵A ᠲᠥᠷᠥᠯ︶᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠲᠠᠰ ᠤᠨ ᠴᠢᠳᠠᠪᠤᠷᠢᠲᠠᠨ ᠤ ᠱᠠᠩᠨᠠᠯ ᠵᠡᠷᠭᠡ ᠶᠢ ᠭᠥᠷᠳᠡᠪᠡ᠃ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠱᠢᠨ᠎ᠡ ᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ     ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ 3C ᠰᠣᠷᠢᠨᠵᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5.6 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠭᠤ 3C ᠰᠣᠷᠢᠨᠵᠢᠨ ᠲᠣᠨᠤᠭ ᠤᠨ ᠦᠢᠯᠡᠳᠪᠦᠷᠢᠯᠡᠯ ᠤᠨ ᠲᠠᠰᠤᠭ᠂ ᠰᠤᠳᠤᠯᠤᠨ ᠨᠡᠭᠡᠭᠡᠬᠦ ᠲᠥᠪ ᠂ ᠳᠡᠭᠡᠳᠦ ᠴᠢᠳᠠᠪᠬᠢᠲᠤ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠵᠡᠷᠭᠡ ᠶᠢ ᠪᠦᠲᠦᠭᠡᠨ ᠪᠠᠶᠢᠭᠤᠯᠤᠨ᠎ᠠ᠃ 2024 ᠣᠨ ᠳᠤ᠂ ᠮᠠᠨ ᠤ ᠣᠷᠣᠨ ᠲᠣᠰ ᠺᠣᠮᠫᠠᠨᠢ ᠶᠢ ᠬᠠᠮᠵᠢᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠦᠷᠢᠶᠡᠯᠡᠩ ᠲᠣᠭᠤᠷᠢᠭ ᠨᠢ ᠤᠯᠤᠰ ᠤᠨ ᠪᠣᠬᠢᠷᠲᠤᠯ ᠥᠬᠡᠶ ᠦᠢᠯᠡᠳᠪᠦᠷᠢ ᠪᠠᠷ ᠠᠮᠵᠢᠯᠲᠠ ᠲᠠᠢ ᠦᠨᠡᠯᠡᠭᠳᠡᠪᠡ︔ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠴᠣᠯᠠ ᠶᠢ ᠭᠥᠷᠳᠡᠪᠡ︔ 2024 ᠣᠨ ᠤ 12 ᠳ᠋ᠤᠭᠠᠷ ᠰᠠᠷ᠎ᠠ ᠶᠢᠨ 4 ᠤ ᠡᠳᠦᠷ ᠱᠧᠨᠵᠧᠨ  ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠦᠢᠯᠡᠰ ᠴᠣᠭᠴᠠᠯᠠᠬᠤ ᠰᠠᠮᠪᠠᠷ᠎ᠠ ᠳᠤ ᠵᠢᠩᠬᠢᠨᠢ ᠪᠠᠷ ᠭᠠᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠵᠠᠬ᠎ᠠ ᠳᠡᠯᠭᠡᠭᠦᠷ ᠲᠤ ᠭᠠᠷᠭᠠᠭᠰᠠᠨ ᠠᠩᠬᠠᠳᠠᠭᠴᠢ ᠠᠵᠤ ᠠᠬᠤᠶᠢᠯᠠᠯ ᠪᠣᠯᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号