ᠰᠡᠳᠬᠢᠴᠠ ᠶᠢᠨ ᠡᠷᠡᠬᠦᠯ ᠮᠠᠨᠳᠤ ᠬᠡᠳᠡᠭ ᠪᠤᠯ ᠬᠤᠪᠢ ᠬᠦᠮᠤᠨ ᠤ ᠦᠪᠡᠷ ᠢ ᠪᠠᠨ ᠵᠤᠬᠢᠰᠳᠠᠢ ᠦᠨᠡᠯᠡᠵᠤ᠂ | ᠡᠳᠤᠷ ᠳᠤᠳᠤᠮ ᠤᠨ ᠠᠮᠢᠳᠤᠷᠠᠯ ᠳᠤᠮᠳᠡᠬᠢ ᠲᠠᠷᠤᠭᠠᠰᠤ ᠪᠠᠨ ᠠᠷᠭᠠᠴᠠᠭᠠᠨ ᠪᠦᠳᠤᠮᠵᠢᠳᠡᠢ ᠠᠵᠢᠯᠯᠠᠵᠤ ᠰᠤᠷᠤᠯᠴᠠᠵᠤ᠂ | ᠬᠡᠷ ᠪᠦᠯᠢ ᠪᠠ ᠨᠡᠶᠢᠬᠡᠮ ᠳᠤ ᠵᠤᠬᠢᠬᠤ ᠬᠤᠪᠢ ᠨᠡᠮᠡᠷᠢ ᠦᠵᠡᠬᠦᠯᠬᠦ ᠨᠢᠬᠡ ᠵᠦᠢᠯ ᠤᠨ ᠰᠠᠶᠢᠨ ᠰᠠᠶᠢᠬᠠᠨ ᠪᠠᠶᠢᠳᠠᠯ ᠢ | ᠬᠡᠯᠡᠨ᠎ᠠ᠂ ᠭᠤᠤᠯᠳᠠᠭᠤ᠄ ᠤᠶᠤᠨ ᠤᠬᠠᠭᠠᠨ ᠡᠷᠡᠬᠦᠯ᠂ ᠤᠷᠮ᠎ᠠ ᠵᠤᠷᠢᠬ ᠳᠤᠭᠳᠠᠭᠤᠨ᠂ ᠰᠡᠳᠬᠢᠬᠦᠢ ᠪᠡ ᠠᠵᠢᠯᠯᠠᠭ᠎ᠠ | ᠨᠢᠬᠡᠳᠤᠯᠳᠠᠢ᠂ ᠬᠦᠮᠤᠰ ᠤᠨ ᠬᠤᠭᠤᠷᠤᠨᠳᠤᠬᠢ ᠬᠠᠷᠢᠴᠠᠭ᠎ᠠ ᠡᠶ᠎ᠡ ᠡᠪᠳᠡᠢ᠂ ᠳᠤᠬᠢᠷᠠᠬᠤ ᠴᠢᠳᠠᠪᠤᠷᠢ ᠪᠠᠷ ᠰᠠᠶᠢᠨ ᠵᠡᠷᠬᠡ | ᠦᠪᠡᠷᠮᠢᠴᠠ ᠤᠨᠴᠠᠯᠢᠬ ᠲᠠᠢ᠃ ᠰᠠᠳᠬᠢᠴᠠ ᠶᠢᠨ ᠡᠷᠡᠬᠦᠯ ᠮᠡᠨᠳᠤ ᠠᠳᠠᠯᠢᠬᠠᠨ ᠴᠢᠬᠤᠯᠠ ᠪᠠᠶᠢᠳᠠᠭ᠃ ᠲᠠᠷᠠ ᠨᠢ | ᠠᠮᠢᠳᠤ ᠪᠤᠳᠠᠰ᠂ ᠰᠡᠳᠬᠢᠴᠠ ᠪᠠ ᠨᠠᠶᠢᠬᠡᠮ ᠵᠡᠷᠬᠡ ᠬᠠᠷᠢᠯᠴᠠᠨ ᠤᠶᠢᠯᠠᠳᠤᠯ ᠦᠵᠡᠬᠦᠯᠬᠦ ᠡᠯᠧᠮᠧᠨ᠋ᠲ ᠢᠶᠠᠷ | ᠰᠶᠢᠳᠪᠤᠷᠢᠯᠡᠭᠳᠡᠨᠠ᠄ ᠨᠠᠰᠤ ᠵᠢᠯ᠂ ᠬᠦᠢᠰᠤ ᠶᠢᠨ ᠢᠯᠭᠠᠯ᠂ ᠤᠳᠤᠮᠰᠢᠯ᠂ ᠲᠦᠷᠤᠬᠦ ᠠᠴᠠ ᠡᠮᠤᠨ᠎ᠠ ᠪᠠ | ᠲᠦᠷᠦᠭᠰᠡᠡ ᠤ ᠲᠠᠷᠠᠭᠠᠬᠢ ᠪᠤᠶᠢᠵᠢᠯᠳᠠ ᠶᠢᠨ ᠪᠠᠶᠢᠳᠠᠯ᠂ ᠪᠠᠶ᠎ᠠ ᠮᠠᠬᠠᠪᠤᠳ ᠤᠨ ᠡᠪᠡᠳᠴᠢᠨ ᠪᠤᠯᠤᠨ ᠰᠢᠨᠤᠯ ᠳᠤ | ᠤᠷᠤᠭᠤᠯᠬᠤ ᠪᠤᠳᠠᠰ ᠵᠡᠷᠬᠡ ᠠᠮᠢᠳᠤ ᠪᠤᠳᠠᠰ ᠤᠨ ᠡᠯᠧᠮᠧᠨ᠋ᠲ︔ ᠦᠪᠡᠷᠮᠢᠴᠠ ᠤᠨᠴᠠᠯᠢᠬ᠂ ᠬᠡᠷᠡᠭ ᠪᠤᠳᠠᠰ ᠤᠨ | ᠳᠤᠬᠠᠢ ᠦᠵᠡᠯᠳᠡ᠂ ᠬᠡᠷᠡᠭ ᠶᠠᠪᠤᠳᠠᠯ ᠢ ᠰᠶᠢᠳᠪᠤᠷᠢᠯᠡᠬᠦ ᠠᠷᠭ᠎ᠠ ᠬᠡᠯᠪᠡᠷᠢ ᠪᠤᠯᠤᠨ ᠤᠷᠮ᠎ᠠ ᠵᠤᠷᠢᠬ ᠵᠡᠷᠬᠡ | ᠰᠡᠳᠬᠢᠴᠠ ᠶᠢᠨ ᠡᠯᠧᠮᠧᠨ᠋ᠲ︔ ᠡᠬᠦᠨ ᠠᠴᠠ ᠭᠠᠳᠠᠨ᠎ᠠ ᠡᠳᠤᠷ ᠳᠤᠳᠤᠮ ᠤᠨ ᠠᠮᠢᠳᠤᠷᠠᠯ ᠳᠤᠮᠳᠡᠬᠢ ᠰᠠᠨᠠᠭᠠᠨ ᠳᠤ | ᠦᠬᠡᠢ ᠠᠳᠡᠭᠳᠡᠯ ᠪᠤᠯᠤᠨ ᠮᠠᠭᠤ ᠬᠡᠷᠡᠭ᠂ ᠬᠡᠷ ᠪᠦᠯᠢ ᠪᠤᠯᠤᠨ ᠨᠡᠶᠢᠬᠡᠮ ᠤᠨ ᠲᠡᠮᠵᠢᠯᠬᠡ᠂ ᠰᠤᠶᠤᠯ᠂ ᠤᠷᠴᠢᠨ | ᠳᠤᠭᠤᠷᠢᠨ ᠵᠡᠷᠬᠡ ᠨᠡᠶᠢᠬᠡᠮ ᠤᠨ ᠡᠯᠧᠮᠧᠨ᠋ᠲ ᠢᠶᠠᠷ ᠰᠶᠢᠳᠪᠤᠷᠢᠯᠡᠭᠳᠡᠨᠠ᠃ ᠰᠡᠳᠬᠢᠴᠠ ᠶᠢᠨ ᠡᠷᠡᠬᠦᠯ ᠬᠠᠮᠠᠭᠠᠯᠠᠯ ᠤᠨ | ᠠᠰᠠᠭᠤᠳᠠᠯ ᠲᠦᠬᠡᠮᠡᠯ ᠤᠷᠤᠰᠢᠳᠠᠭ᠃ ᠬᠦᠮᠤᠨ ᠪᠦᠷᠢ ᠨᠢᠬᠡ ᠨᠠᠰᠤᠨ ᠳᠠᠭᠠᠨ ᠤᠯᠠᠨ ᠠᠷᠪᠢᠨ ᠰᠡᠳᠬᠢᠴᠠ ᠶᠢᠨ | ᠡᠷᠡᠬᠦᠯ ᠬᠠᠮᠠᠭᠠᠯᠠᠯ ᠤᠨ ᠠᠰᠠᠭᠤᠳᠠᠯ ᠳᠤᠬᠢᠶᠠᠯᠳᠤᠳᠠᠭ ᠪᠤᠯᠪᠠᠴᠤ ᠦᠪᠡᠷ ᠤᠨ ᠤᠬᠠᠮᠰᠠᠷ ᠠᠴᠠ ᠪᠠᠨ ᠮᠡᠳᠡᠵᠤ ᠲᠡᠶᠢᠯᠬᠦ | ᠦᠬᠡᠢ᠃ 0 — 3 ᠨᠠᠰᠤᠨ ᠤ ᠨᠢᠯᠬ᠎ᠠ ᠬᠡᠤᠬᠡᠳ ᠲᠤ ᠦᠷᠬᠦᠯᠵᠢ ᠳᠤᠬᠢᠶᠠᠯᠳᠤᠳᠠᠭ ᠰᠡᠳᠬᠢᠴᠠ ᠶᠢᠨ ᠡᠷᠡᠬᠦᠯ | ᠬᠠᠮᠠᠭᠠᠯᠠᠯ ᠤᠨ ᠠᠰᠠᠭᠤᠳᠠᠯ ᠪᠤᠯ ᠦᠰᠬᠡᠨ ᠪᠤᠶᠢᠵᠢᠭᠤᠯᠬᠤ ᠠᠷᠭ᠎ᠠ ᠬᠡᠯᠪᠡᠷᠢ ᠶᠢᠨ ᠳᠤᠬᠢᠷᠠᠮᠵᠢ ᠦᠬᠡᠢ ᠠᠴᠠ | ᠪᠤᠯᠤᠭᠰᠠᠠ ᠦᠬᠡ ᠬᠡᠯᠡᠨ ᠤ ᠴᠢᠳᠠᠪᠤᠷᠢ ᠰᠠᠶᠢᠨ ᠪᠢᠰᠢ᠂ ᠪᠤᠰᠤᠳ ᠲᠠᠢ ᠬᠠᠷᠢᠯᠴᠠᠬᠤ ᠴᠢᠳᠠᠪᠤᠷᠢ ᠳᠤᠷᠤᠢ ᠪᠤᠯᠤᠨ | ᠠᠭᠠᠰᠢ ᠵᠠᠩ ᠮᠠᠭᠤ ᠵᠡᠷᠬᠡ ᠦᠵᠡᠭᠳᠡᠯ ᠤᠷᠤᠰᠢᠳᠠᠭ᠃ 4 — 6 ᠨᠠᠰᠤᠨ ᠤ ᠰᠤᠷᠭᠠᠭᠤᠯᠢ ᠶᠢᠨ ᠨᠠᠰᠤᠨ ᠠᠴᠠ | ᠡᠮᠤᠨᠡᠬᠢ ᠬᠡᠤᠬᠡᠳ ᠲᠤ ᠦᠷᠬᠦᠯᠵᠢ ᠳᠤᠬᠢᠶᠠᠯᠳᠤᠬᠤ ᠰᠡᠳᠬᠢᠴᠠ ᠶᠢᠨ ᠡᠷᠡᠬᠦᠯ ᠬᠠᠮᠠᠭᠠᠯᠠᠯ ᠤᠨ ᠠᠰᠠᠭᠤᠳᠠᠯ ᠪᠤᠯ | ᠬᠡᠷ ᠤᠨ ᠬᠦᠮᠤᠰ ᠲᠡᠭᠡᠨ ᠨᠠᠶᠢᠳᠠᠬᠤ᠂ ᠬᠠᠨᠢ ᠨᠦᠬᠦᠳ ᠲᠠᠢ ᠪᠠᠨ ᠬᠠᠷᠢᠯᠴᠠᠬᠤ ᠳᠤ ᠬᠦᠴᠢᠷ ᠲᠠᠢ ᠶᠠᠪᠤᠳᠠᠯ ᠶᠤᠮ᠃ | ᠡᠳᠡᠬᠡᠷ ᠠᠰᠠᠭᠤᠳᠠᠯ ᠢ ᠰᠠᠶᠢᠳᠤᠷ ᠰᠶᠢᠳᠪᠤᠷᠢᠯᠡᠬᠦ ᠦᠬᠡᠢ ᠪᠤᠯ ᠬᠡᠤᠬᠡᠳ ᠴᠡᠴᠡᠷᠯᠢᠭ ᠲᠤ ᠰᠠᠭᠤᠬᠤ ᠶᠢ ᠲᠠᠪᠴᠢᠬᠦ | ᠪᠤᠶᠤ ᠡᠳᠡᠬᠡᠳ ᠰᠤᠨᠢᠨ ᠵᠠᠩ ᠲᠠᠢ᠂ ᠪᠤᠰᠤᠳ ᠲᠠᠢ ᠲᠠᠭᠠᠷᠠᠯᠴᠠᠬᠤ ᠦᠬᠡᠢ ᠪᠤᠯᠳᠠᠭ᠃ 7 — 12 ᠨᠠᠰᠤ ᠲᠠᠢ | ᠪᠠᠭ᠎ᠠ ᠰᠤᠷᠭᠠᠭᠤᠯᠢ ᠶᠢᠨ ᠬᠡᠤᠬᠡᠳ ᠪᠤᠯᠤᠨ 13 — 18 ᠨᠠᠰᠤᠨ ᠤ ᠪᠠᠭᠠᠴᠤᠤᠯ ᠤᠨ ᠦᠷᠬᠦᠯᠵᠢ ᠳᠤᠬᠢᠶᠠᠯᠳᠤᠬᠤ | ᠰᠡᠳᠬᠢᠴᠠ ᠶᠢᠨ ᠡᠷᠡᠬᠦᠯ ᠬᠠᠮᠠᠭᠠᠯᠠᠯ ᠤᠨ ᠠᠰᠠᠭᠤᠳᠠᠯ ᠪᠤᠯ ᠰᠤᠷᠤᠯᠴᠠᠬᠤ ᠠᠰᠠᠭᠤᠳᠠᠯ ︵ᠵᠢᠱᠢᠶᠠᠯᠠᠪᠠᠯ | ᠰᠢᠯᠭᠠᠯᠳᠠ ᠠᠴᠠ ᠠᠶᠤᠬᠤ᠂ ᠰᠤᠷᠤᠯᠴᠠᠬᠤ ᠳᠤᠷ᠎ᠠ ᠦᠬᠡᠢ ᠪᠤᠯᠬᠤ︶᠂ ᠬᠦᠮᠤᠨ ᠤ ᠬᠤᠭᠤᠷᠤᠨᠳᠤᠬᠢ ᠬᠠᠷᠢᠴᠠᠭᠠᠨ ᠤ | ᠠᠰᠠᠭᠤᠳᠠᠯ ︵ᠵᠢᠱᠢᠶᠠᠯᠡᠪᠡᠯ ᠰᠤᠷᠭᠠᠭᠤᠯᠢ ᠶᠢᠨ ᠤᠷᠴᠢᠨ ᠳᠤᠭᠤᠷᠢᠨ ᠳᠤ ᠲᠠᠰᠬᠤ ᠦᠬᠡᠢ᠂ ᠰᠤᠷᠤᠯᠭ᠎ᠠ ᠠᠴᠠ | ᠳᠤᠳᠠᠭᠠᠬᠤ︶᠂ ᠤᠷᠮ᠎ᠠ ᠵᠤᠷᠢᠬ ᠤᠨ ᠠᠰᠠᠭᠤᠳᠠᠯ᠂ ᠪᠡᠯᠬᠡ ᠶᠢᠨ ᠰᠡᠳᠬᠢᠴᠠ ᠶᠢᠨ ᠪᠤᠶᠢᠵᠢᠯᠳᠠ ᠶᠢᠨ ᠠᠰᠠᠭᠤᠳᠠᠯ | ᠪᠤᠯᠤᠨ ᠤᠶᠢᠯᠠ ᠠᠵᠢᠯᠯᠠᠭ᠎ᠠ ᠶᠢᠨ ᠠᠰᠠᠭᠤᠳᠠᠯ ︵ᠵᠢᠱᠢᠶᠠᠯᠠᠪᠡᠯ ᠬᠦᠴᠤᠷᠬᠡᠭ ᠲᠡᠭᠡᠨ ᠡᠷᠳᠤᠵᠤ ᠪᠠᠭᠤᠷᠠᠢ ᠪᠠᠨ | ᠲᠠᠷᠤᠯᠠᠬᠤ᠂ ᠦᠪᠡᠷ ᠤᠨ ᠪᠠᠶ᠎ᠠ ᠪᠠᠨ ᠬᠡᠮᠳᠤᠬᠡᠬᠦ᠂ ᠴᠦᠯᠳᠤ ᠮᠦᠯᠳᠤ ᠬᠡᠨᠡᠨ ᠠᠵᠢᠯᠯᠠᠭ᠎ᠠ ᠬᠢᠬᠦ︶᠂ ᠰᠦᠯᠵᠢᠶ᠎ᠠ ᠳᠤ | ᠰᠢᠨᠤᠬᠤ᠂ ᠲᠡᠮᠡᠬᠢ ᠲᠠᠳᠠᠬᠤ᠂ ᠠᠷᠢᠬᠢ ᠤᠤᠭᠤᠬᠤ᠂ ᠬᠤᠤᠷᠳᠤ ᠡᠳ᠋ ᠲᠤ ᠤᠶᠢᠷᠠᠳᠬᠤ᠂ ᠤᠳᠤᠳ ᠢ ᠬᠡᠳᠤᠷᠬᠡᠢ | ᠰᠢᠳᠤᠨ ᠪᠢᠰᠢᠷᠡᠬᠦ᠂ ᠢᠳᠡᠰᠢ ᠪᠠᠨ ᠬᠡᠳᠤᠷᠬᠡᠢ ᠬᠢᠵᠠᠭᠠᠷᠯᠠᠬᠤ᠂ ᠢᠳᠡᠰᠢ ᠭᠤᠯᠤᠬᠤ ᠪᠤᠶᠤ ᠬᠤᠭᠤᠯᠠᠨᠴᠢᠷ ᠪᠤᠯᠬᠤ | ᠵᠡᠷᠬᠡ᠃ 19 — 55 ᠨᠠᠰᠤᠨ ᠤ ᠢᠳᠡᠷ ᠵᠠᠯᠠᠭᠤᠴᠤᠳ ᠲᠤ ᠦᠷᠬᠦᠯᠵᠢ ᠳᠤᠬᠢᠶᠠᠯᠳᠤᠬᠤ ᠰᠡᠳᠬᠢᠴᠠ ᠶᠢᠨ | ᠡᠷᠡᠬᠦᠯ ᠬᠠᠮᠠᠭᠠᠯᠠᠯ ᠤᠨ ᠠᠰᠠᠭᠤᠳᠠᠯ ᠪᠤᠯ ᠡᠷᠬᠢᠯᠡᠵᠤ ᠪᠠᠶᠢᠭ᠎ᠠ ᠠᠵᠢᠯ ᠲᠠᠢ ᠬᠤᠯᠪᠤᠭᠳᠠᠭᠰᠠᠠ ᠠᠰᠠᠭᠤᠳᠠᠯ᠃ | ᠵᠢᠱᠢᠶᠡᠯᠡᠪᠡᠯ ᠠᠵᠢᠯᠯᠠᠬᠤ ᠤᠷᠴᠢᠨ ᠳᠤᠭᠤᠷᠢᠨ ᠲᠠᠢ ᠪᠠᠨ ᠳᠤᠬᠢᠷᠠᠯᠴᠠᠬᠤ ᠦᠬᠡᠢ᠂ ᠬᠦᠮᠤᠨ ᠤ ᠬᠤᠭᠤᠷᠤᠨᠳᠤᠬᠢ | ᠬᠠᠷᠢᠴᠠᠭ᠎ᠠ ᠪᠠᠨ ᠵᠤᠬᠢᠴᠠᠭᠤᠯᠵᠤ ᠲᠠᠶᠢᠯᠬᠦ ᠦᠬᠡᠢ᠂ ᠠᠵᠢᠯ ᠳᠤ ᠤᠷᠤᠬᠤ ᠪᠤᠯᠤᠨ ᠠᠵᠢᠯ ᠤᠨ ᠲᠠᠷᠤᠯᠳᠠ ᠠᠴᠠ | ᠪᠤᠯᠤᠭᠰᠠᠠ ᠠᠰᠠᠭᠤᠳᠠᠯ᠃ ᠬᠡᠷ ᠪᠦᠯᠢ ᠲᠠᠢ ᠬᠤᠯᠪᠤᠭᠳᠠᠭᠰᠠᠠ ᠠᠰᠠᠭᠤᠳᠠᠯ᠂ ᠵᠢᠱᠢᠶᠠᠯᠠᠪᠠᠯ ᠤᠷᠤᠭ ᠬᠤᠷᠢᠮ ᠤᠨ | ᠬᠢᠮᠤᠷᠠᠯ᠂ ᠬᠡᠷ ᠪᠦᠯᠢ ᠶᠢᠨ ᠬᠠᠷᠢᠴᠠᠭ᠎ᠠ ᠪᠠᠴᠢᠮ ᠪᠤᠯᠬᠤ᠂ ᠬᠡᠤᠬᠡᠳ ᠢᠶᠠᠨ ᠰᠤᠷᠭᠠᠨ ᠬᠦᠮᠤᠵᠢᠬᠦᠯᠬᠦ ᠠᠰᠠᠭᠤᠳᠠᠯ᠃ | 55 ᠨᠠᠰᠤᠨ ᠠᠴᠠ ᠲᠡᠬᠡᠭᠰᠢᠬᠢ ᠢᠳᠡᠷ ᠦᠳᠡᠯᠦᠬᠡ ᠨᠠᠰᠤᠨ ᠤ ᠬᠦᠮᠤᠰ ᠤᠨ ᠦᠷᠬᠦᠯᠵᠢ ᠳᠤᠬᠢᠶᠠᠯᠳᠤᠬᠤ | ᠰᠡᠳᠬᠢᠴᠠ ᠶᠢᠨ ᠡᠷᠡᠬᠦᠯ ᠬᠠᠮᠠᠭᠠᠯᠠᠯ ᠤᠨ ᠠᠰᠠᠭᠤᠳᠠᠯ ᠪᠤᠯ ᠠᠵᠢᠯ ᠠᠴᠠ ᠪᠠᠨ ᠠᠮᠠᠷᠠᠬᠤ᠂ ᠬᠡᠤᠬᠡᠳ ᠯᠦᠭᠡ ᠶᠢᠨ | ᠬᠠᠷᠢᠴᠠᠭ᠎ᠠ᠂ ᠬᠡᠷ ᠪᠦᠯᠢ ᠶᠢᠨ ᠬᠤᠭᠤᠷᠤᠨᠳᠤᠬᠢ ᠬᠠᠷᠢᠴᠠᠭ᠎ᠠ᠂ ᠤᠷᠤᠬ ᠰᠠᠯᠬᠤ᠂ ᠪᠠᠶ᠎ᠠ ᠮᠠᠬᠠᠪᠤᠳ ᠤᠨ ᠡᠪᠡᠳᠴᠢᠨ | ᠲᠠᠬᠤᠯ ᠵᠡᠷᠬᠡ ᠠᠴᠠ ᠪᠤᠯᠤᠭᠰᠠᠠ ᠵᠤᠬᠢᠴᠠᠯ ᠪᠤᠯᠤᠨ ᠰᠡᠳᠬᠢᠯᠬᠡ ᠶᠢᠨ ᠠᠰᠠᠭᠤᠳᠠᠯ ᠪᠤᠯᠤᠨ᠎ᠠ᠃ ᠡᠯᠳᠡᠪ ᠵᠦᠢᠯ ᠤᠨ | ᠪᠠᠶᠢᠭᠠᠯᠢ ᠶᠢᠨ ᠭᠠᠢ ᠭᠠᠮᠰᠢᠬ᠂ ᠵᠤᠷᠢᠭᠤᠳᠠ ᠶᠢᠨ ᠬᠡᠷᠡᠭ᠂ ᠵᠠᠮ ᠬᠠᠷᠢᠯᠴᠠᠭᠠᠨ ᠤ ᠠᠳᠡᠯ᠂ ᠬᠦᠴᠤᠷᠬᠡᠭᠯᠡᠯᠳᠤ | ᠠᠵᠢᠯᠯᠠᠭ᠎ᠠ ᠵᠡᠷᠬᠡ ᠨᠢ ᠰᠢᠭᠤᠳ ᠬᠦᠮᠤᠰ ᠤᠨ ᠡᠩ ᠤᠨ ᠠᠮᠢᠳᠤᠷᠠᠯ ᠢ ᠬᠠᠷᠰᠢᠯᠠᠬᠤ ᠪᠦᠬᠡᠳ ᠪᠠᠰᠠ ᠰᠡᠳᠬᠢᠴᠠ ᠶᠢᠨ | ᠡᠮᠵᠡᠭᠯᠡᠯ ᠡᠬᠦᠰᠬᠡᠵᠤ᠂ ᠬᠦᠨᠳᠤ ᠨᠢ ᠤᠶᠤᠨ ᠮᠡᠳᠡᠷᠡᠯ ᠤᠨ ᠳᠤᠳᠬᠠᠷ ᠢ ᠡᠬᠦᠰᠬᠡᠨ᠎ᠠ᠃ ᠲᠠᠷᠠᠴᠢᠯᠠᠨ ᠭᠠᠩᠰᠠᠷᠠᠬᠤ᠂ | ᠰᠡᠳᠬᠢᠯ ᠵᠤᠪᠠᠭ᠋ᠤ᠂ ᠪᠠᠶ᠎ᠠ ᠪᠠᠨ ᠬᠤᠤᠷᠯᠠᠬᠤ ᠪᠤᠯᠤᠨ ᠰᠡᠳᠬᠢᠴᠠ᠂ ᠤᠶᠤᠨ ᠰᠠᠨᠠᠭ᠎ᠠ ᠲᠠᠢ ᠬᠤᠯᠪᠤᠭᠳᠠᠬᠤ | ᠠᠰᠠᠭᠤᠳᠠᠯ ᠲᠦᠬᠡᠮᠡᠯ ᠤᠷᠤᠰᠢᠵᠤ ᠪᠠᠶᠢᠳᠠᠭ᠃ ᠰᠡᠳᠬᠢᠴᠠ ᠶᠢᠨ ᠡᠷᠡᠬᠦᠯ ᠬᠠᠮᠠᠭᠠᠯᠠᠯ ᠤᠨ ᠠᠰᠠᠭᠤᠳᠠᠯ ᠢ | ᠰᠶᠢᠳᠪᠤᠷᠢᠯᠡᠬᠦ ᠳᠤ ᠬᠤᠪᠢ ᠪᠡᠶ᠎ᠠ ᠶᠢᠨ ᠤᠷᠮ᠎ᠠ ᠵᠤᠷᠢᠬ ᠪᠤᠯᠤᠨ ᠤᠶᠢᠯᠠ ᠠᠵᠢᠯᠯᠠᠭ᠎ᠠ ᠪᠠᠨ ᠳᠤᠬᠢᠷᠠᠭᠤᠯᠬᠤ᠂ | ᠪᠤᠰᠤᠳ ᠲᠠᠢ ᠰᠡᠳᠬᠢᠯ ᠰᠠᠨᠠᠭ᠎ᠠ ᠪᠠᠨ ᠰᠤᠯᠢᠯᠴᠠᠬᠤ ᠪᠠ ᠰᠡᠳᠬᠢᠴᠠ ᠶᠢᠨ ᠳᠤᠰᠠᠯᠠᠮᠵᠢ ᠤᠯᠬᠤ ᠵᠡᠷᠬᠡ ᠠᠷᠭ᠎ᠠ ᠪᠤᠢ᠃ | ᠪᠠᠶᠠᠰᠤᠩᠭᠤᠢ᠂ ᠠᠭᠤᠵᠢᠭᠤ ᠲᠠᠶᠢᠪᠤᠩ ᠤᠪᠤᠷ ᠢᠶᠠᠷ ᠠᠮᠢᠳᠤᠷᠠᠯ ᠳᠤ ᠬᠠᠨᠳᠤᠨ᠂ ᠬᠠᠷᠠᠯᠳᠠ ᠪᠠᠨ ᠦᠪᠡᠷ ᠤᠨ ᠬᠢᠵᠤ | ᠲᠡᠶᠢᠯᠬᠦ ᠬᠦᠷᠢᠶ᠎ᠠ ᠬᠡᠪᠴᠢᠶᠠᠨ ᠳᠡᠭᠡᠨ ᠳᠤᠭᠳᠠᠭᠠᠵᠤ᠂ ᠨᠡᠶᠢᠬᠡᠮ ᠪᠤᠯᠤᠨ ᠪᠤᠰᠤᠳ ᠬᠦᠮᠤᠨ ᠳᠤ ᠡᠪᠤᠷᠯᠡᠬᠦ ᠬᠦᠰᠡᠯ ᠤᠨ | ᠬᠡᠮᠵᠢᠶ᠎ᠠ ᠪᠠᠨ ᠳᠤᠬᠢᠷᠠᠭᠤᠯᠤᠨ᠎ᠠ᠃ ᠬᠦᠮᠤᠨ ᠤ ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠪᠠᠶᠢᠭᠤᠯᠵᠤ᠂ ᠡᠷᠡᠬᠦᠯ | ᠮᠠᠨᠳᠤ ᠡᠳᠤᠷ ᠳᠤᠳᠤᠮ ᠤᠨ ᠠᠮᠢᠳᠤᠷᠠᠯ ᠤᠨ ᠲᠠᠳᠬᠠᠯ ᠪᠤᠯᠤᠨ ᠤᠷᠮ᠎ᠠ ᠪᠠᠬ᠎ᠠ ᠶᠢ ᠢᠯᠡᠬᠦᠬᠡᠨ ᠬᠦᠮᠤᠵᠢᠬᠦᠯᠵᠤ᠂ | ᠨᠡᠶᠢᠬᠡᠮ ᠤᠨ ᠬᠦᠳᠡᠯᠬᠡᠬᠡᠨ ᠳᠤ ᠢᠳᠡᠪᠬᠢᠳᠡᠢ ᠤᠷᠤᠯᠴᠠᠬᠤ ᠵᠡᠷᠬᠡ ᠨᠢ ᠰᠡᠳᠬᠢᠴᠠ ᠶᠢᠨ ᠡᠷᠡᠬᠦᠯ ᠬᠠᠮᠠᠭᠠᠯᠠᠯ ᠢ | ᠬᠠᠮᠠᠭᠠᠯᠠᠬᠤ ᠳᠤ ᠠᠰᠢᠬᠳᠠᠢ᠃ ᠰᠡᠳᠬᠢᠴᠡ ᠶᠢᠨ ᠤᠶᠢᠯᠠ ᠠᠵᠢᠯᠯᠠᠭ᠎ᠠ ᠳᠤ ᠠᠰᠠᠭᠤᠳᠠᠯ ᠲᠠᠢ ᠪᠤᠶᠤ ᠤᠶᠤᠨ | ᠮᠡᠳᠡᠷᠡᠯ ᠤᠨ ᠳᠤᠳᠬᠠᠷ ᠲᠠᠢ ᠬᠡᠵᠤ ᠰᠡᠵᠢᠭᠯᠡᠵᠤ ᠪᠠᠶᠢᠭ᠎ᠠ ᠬᠦᠮᠤᠰ ᠡᠷᠳᠡᠬᠡᠨ ᠤᠶᠤᠨ ᠮᠡᠳᠡᠷᠡᠯ ᠤᠨ ᠳᠤᠰᠬᠠᠢ | ᠮᠡᠷᠬᠡᠵᠢᠯ ᠤᠨ ᠡᠮᠨᠡᠯᠬᠡ ᠪᠤᠶᠤ ᠶᠠᠷᠤᠩᠬᠡᠶᠢᠯᠡᠭᠰᠡᠡ ᠴᠢᠨᠠᠷᠳᠡᠢ ᠡᠮᠨᠡᠯᠬᠡ ᠶᠢᠨ ᠬᠤᠷᠢᠶ᠎ᠠ ᠶᠢᠨ ᠤᠶᠤᠨ ᠮᠡᠳᠡᠷᠡᠯ ᠤᠨ | ᠰᠠᠯᠠᠭ᠎ᠠ ᠪᠤᠶᠤ ᠰᠡᠳᠬᠢᠴᠠ ᠶᠢᠨ ᠰᠠᠯᠠᠭ᠎ᠠ ᠳᠤ ᠤᠴᠢᠵᠤ ᠠᠰᠠᠭᠤᠵᠤ ᠯᠠᠪᠯᠠᠬᠤ ᠬᠡᠷᠡᠭᠳᠡᠢ᠃ ᠬᠡᠷᠪᠡ ᠪᠤᠰᠤᠳ | ᠬᠦᠮᠤᠨ ᠢ ᠰᠡᠳᠬᠢᠴᠠ ᠶᠢᠨ ᠲᠠᠯ᠎ᠠ ᠶᠢᠨ ᠠᠰᠠᠭᠤᠳᠠᠯ ᠲᠠᠢ ᠪᠤᠶᠤ ᠤᠶᠤᠨ ᠮᠡᠳᠡᠷᠡᠯ ᠤᠨ ᠳᠤᠬᠠᠢ ᠳᠤᠳᠬᠠᠷ ᠲᠠᠢ ᠬᠡᠵᠤ | ᠰᠡᠵᠢᠭᠯᠡᠵᠤ ᠪᠠᠶᠢᠪᠠᠯ ᠴᠠᠭ ᠳᠤᠬᠠᠢ ᠳᠤᠨᠢ ᠢᠳᠬᠠᠨ ᠰᠠᠨᠠᠭᠤᠯᠬᠤ ᠪᠤᠶᠤ ᠡᠮᠨᠡᠯᠬᠡ ᠳᠤ ᠬᠦᠷᠬᠡᠬᠦ ᠬᠡᠷᠡᠭᠳᠡᠢ᠃ | ᠰᠡᠳᠬᠢᠴᠠ ᠶᠢᠨ ᠤᠶᠢᠯᠠ ᠠᠵᠢᠯᠯᠠᠭ᠎ᠠ ᠶᠢᠨ ᠠᠰᠠᠭᠤᠳᠠᠯ ᠢ ᠰᠶᠢᠳᠪᠤᠷᠢᠯᠡᠬᠦ ᠳᠤ ᠰᠡᠳᠬᠢᠴᠠ ᠶᠢᠨ ᠯᠠᠪᠯᠠᠭ᠎ᠠ ᠪᠤᠯᠤᠨ | ᠰᠡᠳᠬᠢᠯᠬᠡ ᠶᠢᠨ ᠡᠮᠴᠢᠯᠡᠬᠡᠨ ᠢᠶᠠᠷ ᠭᠤᠤᠯᠳᠠᠯᠭ᠎ᠠ ᠪᠤᠯᠭᠠᠵᠤ᠂ ᠨᠡᠶᠢᠬᠡᠮ ᠤᠨ ᠳᠤᠰᠠᠯᠠᠮᠵᠢ ᠪᠡ ᠡᠮ ᠡᠮᠴᠢᠯᠡᠭᠡ ᠶᠢᠨ | ᠠᠷᠭ᠎ᠠ ᠪᠠᠷ ᠨᠦᠬᠦᠪᠤᠷᠢ ᠪᠤᠯᠭᠠᠨ᠎ᠠ᠃ ᠤᠶᠤᠨ ᠮᠡᠳᠡᠷᠡᠯ ᠤᠨ ᠳᠤᠳᠬᠠᠷ ᠲᠠᠢ ᠬᠦᠮᠤᠰ ᠲᠤ ᠪᠦᠳᠤᠮᠵᠢᠳᠡᠢ ᠡᠮ | ᠡᠮᠴᠢᠯᠡᠭᠡ᠂ ᠰᠡᠳᠬᠢᠯᠬᠡ ᠶᠢᠨ ᠡᠮᠴᠢᠯᠡᠬᠡᠨ ᠪᠤᠯᠤᠨ ᠰᠡᠳᠬᠢᠴᠠ ᠶᠢᠨ ᠨᠡᠶᠢᠬᠡᠮ ᠤᠨ ᠡᠷᠡᠬᠦᠯᠵᠢᠯ ᠵᠡᠷᠬᠡ ᠠᠷᠭ᠎ᠠ ᠪᠠᠶᠢᠨ᠎ᠠ | ᠃ ᠤᠶᠤᠨ ᠮᠡᠳᠡᠷᠡᠯ ᠤᠨ ᠳᠤᠳᠬᠠᠷ ᠲᠠᠢ ᠬᠡᠵᠤ ᠤᠨᠤᠰᠢᠯᠠᠬᠰᠠᠨ ᠪᠤᠯ ᠡᠮᠴᠢ ᠶᠢᠨ ᠵᠢᠭᠠᠪᠤᠷᠢ ᠶᠢ ᠲᠠᠭᠠᠵᠤ ᠡᠮᠬᠢ | ᠲᠦᠷᠢᠮ ᠲᠠᠢ ᠵᠠᠰᠠᠭᠤᠯᠬᠤ ᠬᠡᠷᠡᠭᠳᠡᠢ᠃ ᠰᠠᠳᠬᠢᠴᠠ ᠶᠢᠨ ᠠᠷᠬᠠᠭ ᠪᠤᠯᠤᠨ ᠤᠶᠤᠨ ᠮᠡᠳᠡᠷᠡᠯ ᠤᠨ ᠳᠤᠳᠬᠠᠷ ᠲᠠᠢ | ᠬᠦᠮᠤᠰ ᠲᠤ ᠢᠯᠡᠬᠦᠬᠡᠨ ᠬᠠᠶᠢᠷ᠎ᠠ ᠬᠠᠯᠠᠮᠵᠢ ᠬᠦᠷᠳᠡᠬᠡᠨ᠂ ᠢᠯᠭᠠᠨ ᠭᠠᠳᠠᠭᠤᠷᠴᠢᠯᠠᠵᠤ ᠪᠤᠯᠬᠤ ᠦᠬᠡᠢ᠃ |