【2024 ᠣᠨ ᠤ ᠲᠡᠮᠳᠡᠭᠯᠡᠯ 】ᠡᠷᠡᠯᠬᠡᠭᠯᠡᠨ ᠤᠷᠤᠭᠰᠢᠯᠠᠬᠤ ᠪᠢᠴᠢᠯᠭᠡ ᠪᠠᠷ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/12/31
    2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠰᠤᠷᠭᠠᠨ ᠬᠥᠮᠦᠵᠢᠯ ᠤᠨ ᠥᠨᠳᠦᠷᠯᠢᠭ ᠢ ᠪᠦᠬᠦ ᠲᠠᠯ᠎ᠠ ᠪᠠᠷ ᠴᠣᠭᠴᠠᠯᠠᠬᠤ᠂ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠰᠤᠷᠭᠠᠨ ᠬᠥᠮᠦᠵᠢᠯ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ᠃ᠬᠠᠷᠠᠭ᠎ᠠ ᠶᠢ ᠬᠠᠮᠠᠭᠠᠯᠠᠨ ᠥᠰᠬᠡᠨ ᠪᠤᠶᠢᠵᠢᠭᠤᠯᠬᠤ    ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨ᠎ᠡ ᠲᠥᠯᠥᠪᠦᠷᠢ ᠦᠭᠡᠶ ᠬᠠᠷᠠᠭᠠᠨ ᠤ ᠰᠢᠭᠰᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ 22214 ᠰᠤᠷᠤᠭᠴᠢ ᠳᠤ ᠠᠰᠢᠭ ᠬᠦᠷᠲᠡᠭᠡᠪᠡ᠃ ᠰᠤᠷᠭᠠᠭᠤᠯᠢ ᠶᠢᠨ ︽ᠨᠢᠳᠦ ᠬᠠᠮᠠᠭᠠᠯᠠᠬᠤ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ 100 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠬᠤᠶᠠᠳᠤᠭᠠᠷ ᠳᠤᠮᠳᠠᠳᠤ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠤᠭᠤᠲᠤ ᠶᠢᠨ ᠬᠠᠷᠢᠶᠠᠲᠤ ᠰᠤᠷᠭᠠᠭᠤᠯᠢ᠂ ᠬᠤᠪᠣᠷ ᠰᠢᠷᠣᠶ ᠶᠢᠨ ᠣᠳᠣᠨ ᠬᠡᠤᠬᠡᠳ ᠤᠨ ᠴᠡᠴᠡᠷᠯᠢᠭ᠂ ᠪᠢᠨ ᠾᠧ ᠶᠢᠨ ᠦᠵᠡᠮᠵᠢ ᠶᠢᠨ ᠬᠡᠤᠬᠡᠳ ᠤᠨ ᠴᠡᠴᠡᠷᠯᠢᠭ ᠵᠡᠷᠭᠡ ᠰᠤᠷᠭᠠᠭᠤᠯᠢ ᠳᠤ 1437 ᠨᠢᠳᠦ ᠬᠠᠮᠠᠭᠠᠯᠠᠬᠤ ᠳ᠋ᠧᠩ ᠢ ᠰᠣᠯᠢᠵᠤ᠂ ᠪᠠᠭᠠᠴᠤᠳ ᠬᠡᠤᠬᠡᠳ ᠤᠨ ᠬᠠᠷᠠᠭᠠᠨ ᠤ ᠡᠷᠡᠭᠦᠯ ᠮᠡᠨᠳᠦ ᠶᠢ  ᠬᠠᠮᠠᠭᠠᠯᠠᠪᠠ᠃ᠵᠢᠱᠢᠶ᠎ᠡ ᠦᠵᠡᠭᠦᠯᠦᠨ ᠵᠠᠮᠴᠢᠯᠠᠨ ᠬᠠᠮᠲᠤᠷᠠᠨ ᠥᠰᠬᠡᠨ ᠪᠤᠶᠢᠵᠢᠭᠤᠯᠬᠤ     ᠬᠤᠪᠣᠷ ᠰᠢᠷᠣᠶ ᠶᠢᠨ ᡁᠢ ᠰᠢᠩ ᠬᠡᠤᠬᠡᠳ ᠤᠨ ᠴᠡᠴᠡᠷᠯᠢᠭ ᠤᠨ ᠳᠠᠷᠤᠭ᠎ᠠ ᠭᠤᠤ ᠯᠦ ᠲᠦᠷᠦᠭᠦᠯᠡᠨ ᠭᠤᠤ ᠯᠦ ᠮᠢᠩ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ 10 ᠴᠡᠴᠡᠷᠯᠢᠭ ᠤᠨ ᠳᠠᠷᠤᠭ᠎ᠠ ᠢᠶᠠᠷ  ᠪᠦᠷᠢᠯᠳᠦᠭᠰᠡᠨ ᠠᠵᠢᠯᠯᠠᠬᠤ ᠲᠠᠰᠤᠭ ᠪᠠᠶᠢᠭᠤᠯᠵᠤ᠂ ︽332︾ ᠪᠥᠲᠥᠭᠡᠨ ᠪᠠᠶᠢᠭᠤᠯᠤᠯᠲᠠ ᠶᠢᠨ ᠲᠥᠰᠦᠯ ᠪᠣᠯᠤᠨ 2024 ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ 4 ᠰᠠᠷ᠎ᠠ ᠳᠤ ᠪᠥᠬᠦ ᠲᠠᠯ᠎ᠠ ᠪᠠᠷ ᠡᠬᠢᠯᠡᠭᠦᠯᠦᠨ ᠠᠵᠢᠯᠯᠠᠭᠤᠯᠪᠠ᠃ ᠠᠵᠢᠯᠯᠠᠬᠤ ᠲᠠᠰᠤᠭ ᠪᠠᠶᠢᠭᠤᠯᠤᠭᠳᠠᠭᠰᠠᠨ ᠠᠴᠠ ᠨᠠᠰᠢ᠂ ᠪᠡᠶ᠎ᠡ ᠪᠠᠨ ᠳᠠᠭᠠᠭᠠᠵᠤ ᠰᠤᠳᠤᠯᠤᠨ ᠰᠤᠷᠤᠯᠴᠠᠬᠤ᠂ ᠮᠢᠩᠭᠠᠨ ᠬᠡᠤᠬᠡᠳ ᠤᠨ ᠤᠷᠠᠨ ᠵᠢᠷᠤᠭ ᠤᠨ ᠦᠵᠡᠭᠦᠯᠭᠡ᠂  ᠭᠠᠳᠠᠨ᠎ᠠ ᠠᠴᠠ ᠤᠷᠢᠭᠰᠠᠨ ᠲᠤᠰᠬᠠᠶ ᠮᠡᠷᠭᠡᠵᠢᠯᠲᠡᠨ ᠤ ᠵᠢᠭᠠᠨ ᠵᠢᠯᠣᠭᠤᠳᠴᠤ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠣᠷᠣᠨ ᠪᠦᠰᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠵᠢᠭᠰᠠᠭᠠᠯ ᠳᠤ ᠣᠷᠣᠭᠤᠯᠪᠠ᠃ᠲᠦᠭᠡᠮᠡᠯ ᠬᠠᠷᠭᠠᠯᠵᠠᠯ ᠦᠵᠡᠭᠦᠯᠭᠦ     2586 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠧᠩ ᠰᠢᠶᠠᠩ ᠪᠢᠨ ᠾᠧ ᠬᠡᠤᠬᠡᠳ ᠤᠨ ᠴᠡᠴᠡᠷᠯᠢᠭ᠂ ᠢ ᠲᠠᠢ ᠬᠤᠸᠠ ᠹᠦ᠋  ᠬᠤᠢ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ ᠬᠤᠳᠠᠯᠳᠤᠨ ᠠᠪᠴᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ ᠡᠷᠳᠡᠮ ᠤᠨ ᠴᠣᠯᠠ 540 ᠰᠢᠨ᠎ᠡ ᠪᠠᠷ ᠨᠡᠮᠡᠭᠳᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 93.59 % ᠠᠴᠠ ᠳᠡᠭᠡᠭᠰᠢ ᠳᠤ ᠬᠦᠷᠴᠦ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠳᠤ ᠪᠠᠶᠢᠭ᠎ᠠ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ 51.73% ᠬᠦᠷᠴᠡᠶ᠃ᠣᠶᠤᠨᠲᠤ ᠰᠤᠷᠭᠠᠭᠤᠯᠢ ᠶᠢᠨ ᠬᠦᠷᠢᠶᠡᠨ ᠤ ᠲᠣᠭᠠᠴᠢᠯᠠᠭᠰᠠᠨ ᠡᠨᠧᠷᠭᠢ ᠣᠯᠭᠤᠬᠤ     638 ᠲᠦᠮᠡᠨ ᠲᠥᠭᠦᠷᠢᠭ ᠤᠨ ᠪᠡᠯᠡ ᠣᠷᠣᠭᠤᠯᠵᠤ ᠨᠠᠨᠺᠠᠢ ᠪᠠᠭ᠎ᠠ ᠰᠤᠷᠭᠠᠭᠤᠯᠢ ᠵᠡᠷᠭᠡ 5 ᠰᠤᠷᠭᠠᠭᠤᠯᠢ ᠳᠤ 166 ᠺᠣᠮᠫᠢᠦ᠋ᠲ᠋ᠧᠷ ᠢᠶᠠᠨ ᠰᠢᠨᠡᠳᠬᠡᠪᠡ︔ ᠡᠪ ᠬᠠᠮᠲᠤ ᠵᠠᠯᠠᠭᠤᠴᠤᠳ ᠤᠨ ᠳᠤᠮᠳᠠᠳᠤ ᠰᠤᠷᠭᠠᠭᠤᠯᠢ ᠳᠤ ᠨᠢᠭᠡ ᠲᠠᠰᠤᠯᠭ᠎ᠠ ᠰᠢᠨ᠎ᠡ ᠶᠢ ᠡᠭᠦᠳᠦᠭᠴᠢ ᠶᠢᠨ ᠬᠢᠴᠢᠶᠡᠯ ᠤᠨ ᠭᠡᠷ ᠢ ᠰᠢᠨ᠎ᠡ ᠪᠠᠷ ᠪᠠᠶᠢᠭᠤᠯᠪᠠ︔ ᠳᠡᠭᠡᠳᠦ ᠰᠢᠨ᠎ᠡ ᠮᠡᠷᠭᠡᠵᠢᠯ ᠤᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠳᠥᠷᠪᠡᠨ ᠳᠤᠮᠳᠠᠳᠤ ᠪᠠᠭ᠎ᠠ ᠰᠤᠷᠭᠠᠭᠤᠯᠢ ᠳᠤ ᠣᠶᠤᠨᠴᠢ ᠰᠤᠷᠭᠠᠭᠤᠯᠢ ᠶᠢᠨ ᠬᠦᠷᠢᠶᠡᠨ ᠤ ᠤᠲᠠᠰᠤ ᠦᠭᠡᠢ ᠭᠡᠷᠡᠯ ᠤᠨ ᠲᠣᠣᠷ ᠢ ᠠᠭᠤᠰᠤᠯᠴᠠᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠨᠡᠩ ᠲᠦᠷᠭᠡᠨ᠂ ᠲᠣᠭᠲᠠᠭᠤᠨ ᠲᠣᠭᠠᠴᠢᠯᠠᠭᠰᠠᠨ ᠰᠦᠯᠵᠢᠶᠡᠨ ᠤ ᠣᠷᠴᠢᠨ ᠲᠣᠭᠤᠷᠢᠨ ᠢ ᠪᠠᠶᠢᠭᠤᠯᠤᠨ᠎ᠠ᠃ 546 ᠲᠦᠮᠡᠨ ᠲᠥᠭᠦᠷᠢᠭ ᠤᠨ ᠪᠠᠯᠠ ᠣᠷᠣᠭᠤᠯᠵᠤ᠂ 7 ᠰᠤᠷᠭᠠᠭᠤᠯᠢ ᠶᠢᠨ 187 ᠬᠢᠴᠢᠶᠡᠯ ᠤᠨ ᠬᠡᠷ ᠲᠤ ᠣᠶᠤᠨᠴᠢ ᠰᠠᠮᠪᠠᠷ᠎ᠠ ᠤᠭᠰᠠᠷᠠᠵᠤ᠂ ᠣᠶᠤᠨᠴᠢᠯᠠᠭᠰᠠᠨ ᠵᠢᠭᠠᠨ ᠰᠤᠷᠭᠠᠯᠲᠠ ᠶᠢᠨ ᠲᠥᠯᠥᠪᠯᠡᠭᠡ ᠪᠠᠷ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠪᠡ᠃ 670 ᠲᠦᠮᠡᠨ ᠲᠥᠭᠦᠷᠢᠭ ᠣᠷᠣᠭᠤᠯᠵᠤ᠂ 2 ᠰᠠᠭᠤᠷᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 5 ᠲᠠᠰᠤᠯᠭ᠎ᠠ ᠲᠣᠭᠠᠴᠢᠯᠠᠭᠰᠠᠨ ᠲᠤᠷᠰᠢᠯᠲᠠ ᠶᠢᠨ ᠲᠠᠰᠤᠭ ᠲᠣᠬᠢᠷᠠᠭᠤᠯᠵᠤ᠂ ᠲᠡᠷᠢᠭᠦᠨ ᠤ ᠲᠣᠭᠠᠴᠢᠯᠠᠭᠰᠠᠨ ᠲᠤᠷᠰᠢᠯᠲᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号