2024 ᠣᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠲᠥᠷᠥᠯ ᠵᠦᠢᠯ ᠢᠶᠠᠷ | ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ | ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠶᠠᠰᠤ ᠴᠢᠨᠠᠷ ᠢᠶᠠᠷ ᠰᠢᠯᠢᠳᠡᠭ᠂ | ᠦᠷ᠎ᠡ ᠠᠰᠢᠭ ᠢᠶᠠᠷ ᠰᠠᠶᠢᠨ ᠴᠢᠬᠤᠯᠠ ᠶᠡᠭᠡ ᠲᠥᠷᠥᠯ ᠵᠦᠢᠯ ᠢ ᠭᠦᠨᠵᠡᠭᠡᠶ ᠠᠭᠤᠳᠠᠯᠵᠤ᠂ ᠮᠠᠨ ᠤ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ◆ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠪᠴᠢᠯᠡᠨ | ᠠᠬᠢᠭᠤᠯᠤᠨ᠎ᠠ | ᠮᠠᠨ ᠤ ᠣᠷᠣᠨ ᠡᠨᠡ ᠵᠢᠯ ᠨᠡᠶᠢᠲᠡ 71 ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠤᠨ ᠬᠡᠷᠡᠭᠵᠢᠭᠦᠯᠵᠦ᠂ | ᠶᠡᠷᠦᠩᠬᠡᠶ ᠪᠠᠯᠠ ᠣᠷᠣᠭᠤᠯᠤᠯᠲᠠ ᠨᠢ 573.84 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠡᠭᠡᠨ | 318.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠲᠣ | ᠪᠣᠯᠲᠠᠯ᠎ᠠ᠂ 71 ᠴᠢᠬᠤᠯᠠ ᠶᠡᠭᠡ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ ᠠᠵᠢᠯ ᠢᠶᠠᠨ | ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 100% ᠳᠤ ᠬᠦᠷᠴᠡᠶ᠃ 1- 11 ᠰᠠᠷ᠎ᠠ ᠳᠤ᠂ ᠴᠢᠬᠤᠯᠠ ᠶᠡᠭᠡ | ᠲᠦᠷᠦᠯ ᠵᠦᠢᠯ ᠳᠤ 145.77 ᠳ᠋ᠦᠩᠰᠢᠭᠤᠷ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ 86% ᠶᠢ ᠡᠵᠡᠯᠡᠪᠡ᠃ | | ᠪᠤᠭᠤᠲᠤ ᠬᠤᠲᠠ ᠶᠢᠨ ᠬᠤᠸᠠ ᠬᠤᠩ ᠰᠢᠨ᠎ᠡᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ | ᠪᠤᠭᠤᠲᠤ ᠬᠤᠲᠠ ᠶᠢᠨ ᠬᠤᠸᠠ ᠬᠤᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠵᠢᠯ ᠳᠤ 2 ᠲᠦᠮᠡᠨ ᠲᠣᠨ ᠥᠨᠳᠥᠷ ᠴᠢᠳᠠᠪᠬᠢᠲᠤ ᠬᠤᠪᠣᠷ ᠰᠢᠷᠣᠶ ᠶᠢᠨ ᠲᠣᠭᠲᠠᠮᠠᠯ | ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 7 ᠳ᠋ᠦᠩᠰᠢᠭᠤᠷ | ᠲᠥᠭᠦᠷᠢᠭ᠂ 140 ᠮᠥ ᠭᠠᠵᠠᠷ ᠡᠵᠡᠯᠡᠪᠡ᠃ ᠲᠣᠰ ᠲᠥᠷᠥᠯ ᠵᠦᠢᠯ ᠨᠢ ᠬᠤᠪᠣᠷ ᠰᠢᠷᠣᠶ ᠶᠢᠨ ᠠᠵᠤ ᠦᠢᠯᠡᠰ ᠤᠨ | ᠬᠡᠯᠬᠢᠶ᠎ᠡ ᠶᠢᠨ ᠳᠤᠮᠳᠠ ᠦᠵᠦᠭᠦᠷ ᠲᠤ ᠬᠠᠷᠢᠶᠠᠯᠠᠭᠳᠠᠵᠤ᠂ ᠦᠢᠯᠡᠳᠪᠦᠷᠢᠯᠡᠭᠰᠡᠨ ᠳᠡᠭᠡᠳᠦ ᠴᠢᠳᠠᠪᠬᠢᠲᠤ ᠬᠤᠪᠣᠷ | ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠤᠨ | ᠲᠣᠨᠣᠭᠯᠠᠭᠠᠰᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠬᠦᠭᠡᠷᠦᠮᠵᠢ ᠵᠡᠷᠭᠡ ᠬᠦᠷᠢᠶᠡᠨ ᠳᠤ ᠥᠷᠭᠡᠨ ᠢᠶᠠᠷ | ᠬᠡᠷᠡᠭᠯᠡᠪᠡ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠦᠢᠯᠡᠳᠪᠦᠷᠢᠯᠡᠯ ᠳᠤ ᠣᠷᠣᠭᠤᠯᠤᠭᠰᠠᠨ ᠤ ᠳᠠᠷᠠᠭ᠎ᠠ᠂ | ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 30 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠶᠢ | 2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 800 ᠬᠥᠮᠦᠨ ᠳᠤ ᠠᠵᠢᠯ ᠣᠯᠭᠤᠬᠤ ᠶᠢ ᠳᠠᠶᠢᠴᠢᠯᠠᠬᠤ ᠪᠣᠯᠤᠨ᠎ᠠ᠃ | ᠶᠢᠨ ᠯᠦᠩ ᠬᠤᠪᠣᠷ ᠰᠢᠷᠤᠢ ︵ᠪᠤᠭᠤᠲᠤ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ | ᠰᠢᠶᠠᠮᠧᠨ ᠤ ᠸᠣᠯᠹᠷᠠᠮ ᠤᠨ ᠦᠢᠯᠡᠰ ᠤᠨ ᠶᠢᠨ ᠯᠦᠩ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠵᠢᠯ ᠳᠤ | 5000 ᠲᠣᠨ ᠥᠨᠳᠥᠷ ᠴᠢᠳᠠᠪᠬᠢᠲᠤ ᠪᠣᠷ ᠤᠨ ᠰᠣᠷᠢᠨᠵᠢᠨ ᠮᠠᠲ᠋ᠧᠷᠢᠶᠠᠯ ᠤᠨ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ᠂ 200 ᠮᠦ ᠭᠠᠵᠠᠷ ᠡᠵᠡᠯᠡᠳᠡᠭ᠃ ᠲᠣᠰ ᠲᠥᠷᠥᠯ ᠵᠦᠢᠯ ᠤᠨ | ᠭᠤᠤᠯ ᠡᠵᠡᠩᠨᠡᠵᠦ ᠪᠠᠶᠢᠭ᠎ᠠ ᠦᠢᠯᠡᠳᠬᠦᠨ ᠨᠢ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠦᠵᠦᠭᠦᠷ ᠲᠤ | ᠪᠠᠶᠢᠷᠢᠯᠠᠵᠤ᠂ ᠡᠯ᠎ᠡ ᠵᠦᠢᠯ ᠤᠨ ᠴᠠᠬᠢᠯᠭᠠᠨ ᠮᠠᠰᠢᠨ ᠵᠢᠴᠢ ᠴᠢᠩᠭ᠎ᠠ ᠵᠠᠢ ᠵᠠᠪᠰᠠᠷ ᠲᠠᠢ ᠰᠣᠷᠢᠨᠵᠢᠨ ᠲᠠᠯᠠᠪᠠᠢ ᠭᠠᠷᠭᠠᠬᠤ | ᠴᠢᠬᠤᠯᠠᠲᠠᠶ ᠲᠣᠨᠣᠭᠯᠠᠭᠠᠰᠤ ᠶᠢᠨ ᠳᠣᠲᠣᠷ᠎ᠠ ᠥᠷᠭᠡᠨ ᠢᠶᠠᠷ ᠬᠡᠷᠡᠭᠯᠡᠭᠳᠡᠵᠡᠶ᠃ ᠰᠢᠶᠠᠮᠧᠨ ᠤ ᠸᠣᠯᠹᠷᠠᠮ ᠤᠨ | ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 727 ᠲᠤᠰᠬᠠᠶ ᠠᠰᠢᠭ ᠲᠤ ᠰᠠᠭᠤᠵᠤ᠂ ᠡᠷᠬᠡ | ᠣᠯᠭᠤᠭᠰᠠᠨ ᠲᠤᠰᠬᠠᠶ ᠠᠰᠢᠭ 410 ᠬᠤᠪᠢ ᠪᠠᠶᠢᠵᠤ᠂ ᠬᠤᠪᠣᠷ ᠰᠢᠷᠣᠶ ᠶᠢᠨ ᠸᠣᠯᠹᠷᠠᠮ ᠤᠨ ᠬᠠᠶᠢᠯᠤᠰᠢ | ᠪᠣᠯᠪᠠᠰᠤᠷᠠᠭᠤᠯᠬᠤ᠂ ᠲᠠᠯᠠᠰᠲᠤ ᠵᠠᠭᠠᠭ ᠲᠠᠷᠬᠠᠬᠤ ᠵᠡᠷᠭᠡ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠢ | ᠡᠵᠡᠮᠰᠢᠪᠡ᠃ | ᠪᠤᠭᠤᠲᠤ ᠶᠢᠨ ᠶᠦᠨ ᠱᠸᠡᠭ ᠰᠢᠨᠵᠢᠯᠡᠭᠡ ᠮᠡᠷᠭᠡᠵᠢᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ | ᠪᠤᠭᠤᠲᠤ ᠶᠢᠨ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ | ᠵᠢᠯ ᠳᠤ 15000 ᠲᠣᠨ ᠳᠡᠭᠡᠳᠦ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ | ᠣᠶᠤᠨᠴᠢ ᠦᠢᠯᠡᠳᠬᠦ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 11 ᠳ᠋ᠦᠩᠰᠢᠭᠤᠷ ᠲᠥᠭᠦᠷᠢᠭ᠂ | 130 ᠮᠦ ᠭᠠᠵᠠᠷ ᠡᠵᠡᠯᠡᠨ᠂ ᠭᠤᠣᠯᠳᠠᠭᠤ ᠨᠸᠣᠳᠢᠮ ᠲᠡᠮᠦᠷ ᠤᠨ ᠰᠣᠷᠢᠨᠵᠢᠨ ᠮᠠᠲ᠋ᠧᠷᠢᠶᠠᠯ ᠢ ᠰᠢᠲᠠᠭᠠᠨ | ᠪᠠᠷᠢᠯᠳᠤᠭᠤᠯᠬᠤ ᠪᠦᠷᠢᠨ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠰᠢᠯᠭᠠᠨ ᠪᠠᠶᠢᠴᠠᠭᠠᠬᠤ ᠰᠢᠰᠲ᠋ᠧᠮ ᠢ | ᠪᠠᠶᠢᠭᠤᠯᠤᠨ᠎ᠠ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ ᠨᠡᠶᠢᠲᠡ ᠦᠢᠯᠡᠳᠪᠦᠷᠢᠯᠡᠯ ᠤᠨ | ᠴᠢᠳᠠᠪᠤᠷᠢ 33000 ᠲᠣᠨ ᠳᠤ ᠬᠦᠷᠴᠦ᠂ 50SH᠂ 42UH᠂ ᠬᠦᠨᠳᠦ ᠥᠬᠡᠶ ᠬᠤᠪᠣᠷ ᠰᠢᠷᠣᠶ ᠶᠢᠨ | 48H᠂ ᠬᠦᠨᠳᠦ ᠥᠬᠡᠶ ᠬᠤᠪᠣᠷ ᠰᠢᠷᠣᠶ ᠶᠢᠨ 42SH ᠵᠡᠷᠭᠡ ᠳᠡᠭᠡᠳᠦ ᠲᠠᠰ ᠤᠨ ᠦᠢᠯᠡᠳᠭᠦᠨ ᠢ ᠪᠥᠭᠡᠮ ᠢᠶᠠᠷ | ᠦᠢᠯᠡᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠣᠯᠠᠨ ᠵᠦᠢᠯ ᠤᠨ ᠦᠢᠯᠡᠳᠭᠦᠨ ᠤ ᠬᠤᠭᠤᠰᠣᠨ ᠢ | ᠨᠥᠬᠦᠪᠥᠷᠢᠯᠡᠨ᠎ᠡ᠃ | ◆ᠴᠢᠬᠤᠯᠠ ᠶᠡᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠥᠬᠦ ᠲᠠᠯ᠎ᠠ ᠪᠠᠷ | ᠠᠬᠢᠭᠤᠯᠵᠠᠶ | ᠮᠠᠨ ᠤ ᠣᠷᠣᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠥᠬᠦ | ᠲᠠᠯ᠎ᠠ ᠪᠠᠷ ᠠᠬᠢᠭᠤᠯᠪᠠ᠃ ᠣᠳᠣᠬᠠᠨ ᠪᠣᠯᠲᠠᠯ᠎ᠠ᠂ ᠪᠠᠷᠢᠯᠭ᠎ᠠ ᠳᠠᠭᠤᠰᠤᠭᠰᠠᠨ ᠲᠥᠷᠥᠯ ᠵᠦᠢᠯ 50 ᠬᠦᠷᠴᠦ᠂ | ᠵᠢᠱᠢᠭᠰᠡᠨ ᠬᠠᠷᠠᠯᠲᠠ ᠪᠠᠨ ᠪᠡᠶᠡᠯᠡᠭᠦᠯᠪᠡ᠃ | ᠱᠤᠸᠠᠩ ᠯᠢᠶᠠᠩ ᠵᠢᠩ ᠴᠠᠬᠢᠭᠤᠷ ᠤᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ | ᠱᠤᠸᠠᠩ ᠯᠢᠶᠠᠩ ᠵᠢᠩ ᠴᠠᠬᠢᠭᠤᠷ ᠤᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ | 50GW ᠶᠢᠨ ᠶᠡᠭᠡ ᠪᠠᠭ᠎ᠠ ᠲᠠᠩ ᠲᠠᠯᠠᠰᠲᠤ ᠴᠠᠬᠢᠭᠤᠷ ᠤᠨ ᠲᠠᠲᠠᠭᠤᠷ ᠲᠠᠯᠠᠰᠲᠤ ᠲᠥᠷᠥᠯ ᠵᠦᠢᠯ ᠤᠨ ᠶᠡᠷᠦᠩᠬᠡᠶ | ᠪᠠᠯᠠ ᠣᠷᠣᠭᠤᠯᠤᠯᠲᠠ 150 ᠳ᠋ᠦᠩᠰᠢᠭᠤᠷ ᠲᠥᠭᠦᠷᠢᠭ᠂ ᠬᠡᠷᠡᠭᠯᠡᠬᠦ ᠭᠠᠵᠠᠷ 823 ᠮᠥ ᠪᠠᠶᠢᠵᠤ᠂ ᠲᠠᠩ ᠲᠠᠯᠠᠰᠲᠤ | ᠦᠢᠯᠡᠳᠪᠦᠷᠢ ᠶᠢᠨ ᠲᠠᠰᠤᠭ᠂ 220KV ᠬᠦᠴᠦᠳᠡᠯ ᠥᠭᠡᠷᠡᠴᠢᠯᠡᠬᠦ ᠥᠷᠲᠡᠭᠡ᠂ ᠠᠷᠭᠤᠨ ᠬᠡᠶ ᠶᠢ ᠡᠭᠡᠭᠦᠯᠦᠨ | ᠬᠤᠷᠢᠶᠠᠬᠤ ᠥᠷᠲᠡᠭᠡ ᠵᠢᠴᠢ ᠪᠤᠰᠤᠳ ᠢᠵᠢ ᠪᠥᠷᠢᠳᠦᠭᠦᠯᠬᠦ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠨ᠎ᠠ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠮᠠᠨ ᠤ ᠣᠷᠣᠨ ᠲᠣᠰ ᠺᠣᠮᠫᠠᠨᠢ ᠲᠠᠢ ᠢᠳᠡᠪᠬᠢᠲᠡᠶ | ᠬᠠᠮᠵᠢᠯᠴᠠᠨ ᠠᠩᠭ᠍ᠯᠢ ᠶᠢᠨ ᠪᠠᠷᠢᠮᠵᠢᠶ᠎ᠠ ᠶᠢᠨ ᠨᠡᠶᠢᠭᠡᠮᠯᠢᠭ ︵BSI︶ ᠠᠴᠠ ᠣᠯᠭᠤᠭᠰᠠᠨ ISO14064 | ᠬᠦᠯᠡᠮᠵᠢ ᠶᠢᠨ ᠬᠡᠶ ᠪᠡᠶᠡᠲᠦ ︵GreenhouseGas ᠭᠡᠵᠦ ᠲᠣᠪᠴᠢᠯᠠᠨ᠎ᠠ︶ ᠶᠢᠨ ᠭᠠᠳᠠᠭᠰᠢᠯᠠᠭᠤᠯᠤᠯᠲᠠ ᠶᠢ | ᠬᠢᠨᠠᠨ ᠪᠠᠶᠢᠴᠠᠭᠠᠵᠤ ᠢᠯᠡᠷᠬᠡᠶᠢᠯᠡᠭᠰᠡᠨ ᠦᠨᠡᠮᠯᠡᠯ ᠤᠨ ᠦᠨᠡᠮᠯᠡᠯ ᠢ ᠣᠯᠤᠭᠰᠠᠨ ᠪᠥᠭᠡᠳ ISO56005 ᠪᠠᠷ | ᠳᠠᠮᠵᠢᠭᠤᠯᠤᠨ ᠬᠠᠮᠢᠶᠠᠷᠤᠯᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ | ᠰᠢᠰᠲ᠋ᠧᠮ ᠤᠨ ᠭᠡᠷᠡᠴᠢᠯᠡᠭᠡ ᠳᠤ ᠰᠢᠨ᠎ᠡ ᠶᠢ ᠡᠭᠦᠳᠪᠡ᠃ | ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ | ᠺᠣᠮᠫᠠᠨᠢ | ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ | ᠬᠢᠵᠠᠭᠠᠷᠲᠤ ᠺᠣᠮᠫᠠᠨᠢ ᠶᠢᠨ ᠸᠧ ᠯᠦᠩ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 12.6 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠭᠤ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ ᠳᠣᠣᠷ᠎ᠠ ᠬᠤᠷᠳᠤᠴᠠᠲᠤ ᠶᠡᠭᠡ ᠴᠢᠳᠠᠯᠲᠤ ᠲᠣᠭᠲᠠᠮᠠᠯ | ᠰᠣᠷᠢᠨᠵᠢᠨ ᠴᠠᠬᠢᠯᠭᠠᠨ ᠮᠠᠰᠢᠨ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ ᠴᠢᠳᠬᠤᠮᠠᠯ ᠲᠣᠨᠤᠭ᠂ | ᠡᠨᠧᠷᠭᠢ ᠬᠠᠳᠠᠭᠠᠯᠠᠬᠤ ᠰᠢᠰᠲ᠋ᠧᠮ ᠵᠡᠷᠭᠡ ᠦᠢᠯᠡᠳᠬᠦᠨ ᠤ ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ | ᠲᠥᠬᠦᠭᠡᠷᠦᠮᠵᠢ ᠶᠢ ᠪᠠᠶᠢᠭᠤᠯᠤᠨ᠎ᠠ᠃ ᠲᠣᠭᠲᠠᠮᠠᠯ ᠰᠣᠷᠢᠨᠵᠢᠨ ᠰᠢᠭᠤᠳ ᠬᠥᠳᠡᠯᠭᠡᠬᠦ ᠴᠠᠬᠢᠯᠭᠠᠨ ᠮᠠᠰᠢᠨ ᠪᠣᠯ | ᠣᠳᠣᠬᠠᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠡᠷᠭᠡᠵᠢᠯ ᠤᠨ ᠬᠡᠷᠡᠭᠯᠡᠭᠡᠨ ᠤ ᠬᠦᠷᠢᠶᠡᠨ ᠤ | ᠣᠷᠦ᠋ᠢᠯᠠᠭᠰᠠᠨ ᠦᠢᠯᠡᠳᠬᠦᠨ ᠪᠣᠯᠤᠨ᠎ᠠ᠂ ᠤᠯᠠᠮᠵᠢᠯᠠᠯᠲᠤ ︽ᠣᠨᠳᠣᠣ ᠠᠯᠬᠤᠮᠲᠤ ᠴᠠᠬᠢᠯᠭᠠᠨ ᠮᠠᠰᠢᠨ ᠤ ᠬᠤᠷᠳᠤᠴᠠ | ᠤᠳᠠᠭᠠᠰᠢᠷᠠᠭᠤᠯᠤᠭᠴᠢ ᠲᠤᠰᠠᠯᠠᠬᠤ ᠲᠥᠬᠦᠭᠡᠷᠦᠮᠵᠢ︾ ᠶᠢᠨ ᠵᠠᠭᠪᠤᠷ ᠢ ᠣᠷᠣᠯᠠᠭᠤᠯᠵᠤ᠂ ᠳᠡᠭᠡᠳᠦ ᠬᠡᠮᠵᠢᠶ᠎ᠡ ᠪᠠᠷ | ᠲᠥᠪᠯᠡᠷᠡᠭᠦᠯᠬᠦ ᠶᠢ ᠪᠡᠶᠡᠯᠡᠭᠦᠯᠵᠦ᠂ ᠨᠠᠶᠢᠳᠠᠪᠤᠷᠢᠲᠤ ᠴᠢᠨᠠᠷ ᠪᠠ ᠳᠠᠮᠵᠢᠯᠭ᠎ᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠡᠷᠡᠭᠯᠡᠭᠡᠨ ᠤ ᠠᠬᠤᠢ ᠪᠠᠶᠢᠳᠠᠯ ᠮᠠᠰᠢ ᠥᠷᠭᠡᠨ ᠳᠡᠯᠭᠡᠷ ᠪᠠᠶᠢᠳᠠᠭ᠃ ᠲᠥᠷᠥᠯ ᠵᠦᠢᠯ ᠢ ᠪᠦᠲᠦᠭᠡᠨ | ᠪᠠᠶᠢᠭᠤᠯᠬᠤ ᠶᠠᠪᠤᠴᠠ ᠳᠤ᠂ ᠮᠠᠨ ᠤ ᠣᠷᠣᠨ ᠲᠤᠰ ᠺᠣᠮᠫᠠᠨᠢ ᠶᠢ ᠢᠳᠡᠪᠬᠢᠲᠡᠶ ᠬᠠᠮᠵᠢᠵᠤ ᠪᠠᠶᠢᠭᠠᠳ 1GW ᠶᠢᠨ | ᠡᠨᠧᠷᠭᠢ ᠶᠢᠨ ᠭᠦᠢᠴᠡᠳᠬᠡᠬᠦ ᠲᠤᠭ᠎ᠠ ᠶᠢ ᠴᠢᠷᠮᠠᠶᠢᠨ ᠣᠯᠪᠠ᠃ | ᠶᠢᠨ ᠯᠢ ᠶᠦᠩ ᠼᠢ ︵ᠪᠤᠭᠤᠲᠤ︶ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ | ᠶᠢᠨ ᠯᠢ ᠶᠦᠩ ᠼᠢ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠳᠡᠭᠡᠳᠦ ᠴᠢᠳᠡᠪᠬᠢᠳᠦ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠲᠥᠷᠥᠯ | ᠵᠦᠢᠯ ︵ᠬᠤᠶᠠᠳᠤᠭᠠᠷ ᠬᠤᠭᠤᠴᠠᠭ᠎ᠠ︶ ᠤᠨ ᠶᠡᠷᠦᠩᠬᠡᠶ ᠪᠡᠯᠡ ᠣᠷᠣᠭᠤᠯᠤᠯᠲᠠ ᠨᠢ 7 ᠳ᠋ᠦᠩᠰᠢᠭᠤᠷ ᠲᠥᠭᠦᠷᠢᠭ᠂ | ᠰᠢᠨ᠎ᠡ ᠪᠠᠷ ᠨᠡᠮᠡᠭᠳᠡᠭᠰᠡᠨ ᠭᠠᠳᠠᠷᠭᠤ ᠶᠢᠨ ᠰᠢᠢᠳᠪᠦᠷᠢᠯᠡᠬᠦ ᠦᠢᠯᠡᠳᠪᠦᠷᠢᠯᠡᠯ ᠤᠨ ᠱᠤᠭᠤᠮ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠵᠡᠷᠭᠡ᠂ ᠲᠥᠷᠥᠯ ᠵᠦᠢᠯ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠳᠤ | 12000 ᠲᠣᠨ ᠳᠡᠭᠡᠳᠦ ᠲᠠᠰ ᠤᠨ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠴᠢᠳᠠᠪᠤᠷᠢ ᠶᠢ ᠪᠤᠶ ᠪᠣᠯᠭᠠᠨ᠎ᠠ᠃ | ᠮᠠᠨ ᠤ ᠣᠷᠣᠨ ᠤ ᠢᠳᠡᠪᠬᠢᠲᠡᠶ ᠲᠠᠨᠢᠯᠴᠠᠭᠤᠯᠭ᠎ᠠ ᠳᠣᠤᠷ᠎ᠠ᠂ ᠲᠣᠰ ᠺᠣᠮᠫᠠᠨᠢ 2024 ᠣᠨ ᠤ ᠬᠤ᠋ ᠷᠦᠨ ᠰᠢᠨ᠎ᠡ | ᠮᠠᠲ᠋ᠧᠷᠢᠶᠠᠯ ᠤᠨ ᠠᠵᠤ ᠠᠬᠤᠶᠢᠯᠠᠯ ᠤᠨ ᠪᠥᠬᠦ ᠤᠯᠤᠰ ᠤᠨ ᠵᠠᠭᠤᠨ ᠬᠦᠴᠦᠷᠬᠡᠭ ᠤᠨ ᠰᠠᠮᠪᠠᠷ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 30 ᠬᠦᠴᠦᠷᠬᠡᠭ ᠤᠨ ᠲᠠᠪᠴᠠᠩ ᠳᠤ ᠰᠣᠩᠭᠤᠭᠳᠠᠪᠠ︔ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠲᠤ | ᠰᠣᠩᠭᠤᠭᠳᠠᠪᠠ︔ ᠳᠤᠮᠳᠠᠳᠤ ᠤᠯᠤᠰ ᠤᠨ ᠰᠠᠶᠢᠨ ᠮᠡᠷᠭᠡᠵᠢᠯ ᠤᠨ ᠱᠠᠩᠨᠠᠯ ︵A ᠲᠥᠷᠥᠯ︶᠂ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠲᠠᠰ ᠤᠨ ᠴᠢᠳᠠᠪᠤᠷᠢᠲᠠᠨ ᠤ ᠱᠠᠩᠨᠠᠯ | ᠵᠡᠷᠭᠡ ᠶᠢ ᠭᠥᠷᠳᠡᠪᠡ᠃ | ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠱᠢᠨ᠎ᠡ ᠠᠲ᠋ᠧᠷᠢᠶᠠᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ | ᠪᠤᠭᠤᠲᠤ ᠬᠤᠲᠠ ᠶᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ 3C ᠰᠣᠷᠢᠨᠵᠢᠨ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5.6 ᠳ᠋ᠦᠩᠰᠢᠭᠤᠷ ᠲᠥᠭᠦᠷᠢᠭ ᠲᠤ | ᠬᠦᠷᠴᠦ᠂ ᠭᠤᠣᠯᠳᠠᠭᠤ 3C ᠰᠣᠷᠢᠨᠵᠢᠨ ᠲᠣᠨᠤᠭ ᠤᠨ ᠦᠢᠯᠡᠳᠪᠦᠷᠢᠯᠡᠯ ᠤᠨ ᠲᠠᠰᠤᠭ᠂ ᠰᠤᠳᠤᠯᠤᠨ ᠨᠡᠭᠡᠭᠡᠬᠦ ᠲᠥᠪ | ᠂ ᠳᠡᠭᠡᠳᠦ ᠴᠢᠳᠠᠪᠬᠢᠲᠤ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠵᠢᠴᠢ ᠢᠵᠢ ᠪᠦᠷᠢᠳᠦᠭᠦᠯᠬᠦ | ᠲᠥᠬᠦᠭᠡᠷᠦᠮᠵᠢ ᠵᠡᠷᠭᠡ ᠶᠢ ᠪᠦᠲᠦᠭᠡᠨ ᠪᠠᠶᠢᠭᠤᠯᠤᠨ᠎ᠠ᠃ 2024 ᠣᠨ ᠳᠤ᠂ ᠮᠠᠨ ᠤ ᠣᠷᠣᠨ ᠲᠣᠰ ᠺᠣᠮᠫᠠᠨᠢ ᠶᠢ | ᠬᠠᠮᠵᠢᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠦᠷᠢᠶᠡᠯᠡᠩ ᠲᠣᠭᠤᠷᠢᠭ ᠨᠢ ᠤᠯᠤᠰ ᠤᠨ | ᠪᠣᠬᠢᠷᠲᠤᠯ ᠥᠬᠡᠶ ᠦᠢᠯᠡᠳᠪᠦᠷᠢ ᠪᠠᠷ ᠠᠮᠵᠢᠯᠲᠠ ᠲᠠᠢ ᠦᠨᠡᠯᠡᠭᠳᠡᠪᠡ︔ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠴᠣᠯᠠ ᠶᠢ ᠭᠥᠷᠳᠡᠪᠡ︔ 2024 | ᠣᠨ ᠤ 12 ᠳ᠋ᠤᠭᠠᠷ ᠰᠠᠷ᠎ᠠ ᠶᠢᠨ 4 ᠤ ᠡᠳᠦᠷ ᠱᠧᠨᠵᠧᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠦᠢᠯᠡᠰ | ᠴᠣᠭᠴᠠᠯᠠᠬᠤ ᠰᠠᠮᠪᠠᠷ᠎ᠠ ᠳᠤ ᠵᠢᠩᠬᠢᠨᠢ ᠪᠠᠷ ᠭᠠᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠡᠵᠡᠩᠨᠡᠯᠲᠡ ᠶᠢᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠵᠠᠬ᠎ᠠ ᠳᠡᠯᠭᠡᠭᠦᠷ ᠲᠤ ᠭᠠᠷᠭᠠᠭᠰᠠᠨ | ᠠᠩᠬᠠᠳᠠᠭᠴᠢ ᠠᠵᠤ ᠠᠬᠤᠶᠢᠯᠠᠯ ᠪᠣᠯᠪᠠ᠃ | | | | | | |