11 ᠳ᠋ᠦ᠋ᠭᠡᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠰᠡᠨ ᠰᠢᠷᠢᠰ | ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ —— ︽ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠳᠤ | ᠰᠢᠨ᠎ᠡ ᠶᠢ ᠡᠭᠦᠳᠴᠦ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠶ᠎ᠡ︾ ᠭᠡᠬᠦ ᠲᠤᠰᠬᠠᠢ ᠲᠠᠯᠠᠪᠤᠷ ᠬᠤᠷᠠᠯ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠠ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠨᠥᠬᠦᠳ ᠢ ᠤᠷᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ | ᠪᠠᠶᠢᠭ᠎ᠠ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ | ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ ︽ᠮᠣᠷᠢ | ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ ᠠᠬᠢᠭᠤᠯᠪᠠ | ᠦ᠋ ᡁᠢ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ | ᠠᠵᠢᠯ ᠤᠨ ᠬᠡᠯᠲᠡᠰ ᠤᠨ ᠬᠡᠯᠲᠡᠰ ᠤᠨ ᠳᠠᠷᠤᠭ᠎ᠠ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠠᠴᠠ ᠳᠠᠷᠠᠭᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠪᠠᠶᠢᠨ᠎ᠠ᠃ | ᠨᠢᠭᠡ ᠳᠤ ︽ᠲᠣᠭᠲᠠᠯᠴᠠᠭ᠎ᠠ ᠶᠢ ᠴᠣᠭᠴᠠᠯᠠᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ | ᠱᠠᠲᠤᠨ ᠤ ᠰᠠᠭᠤᠷᠢ ᠶᠢ ᠪᠠᠲᠤᠳᠬᠠᠨ᠎ᠠ᠃ ︽ᠣᠷᠣᠨ ᠪᠦᠰᠡ ᠪᠠᠷ ᠰᠠᠯᠠᠭ᠎ᠠ ᠮᠥᠴᠢᠷ ᠢ ᠨᠢᠭᠡᠳᠬᠡᠬᠦ︾ ᠶᠢ ᠬᠦᠴᠦᠯᠡᠨ | ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ︵ᠠᠵᠢᠯᠲᠠᠨ︶ ᠤᠨ ᠬᠤᠷᠢᠶᠠᠨ ᠤ | ᠪᠠᠶᠢᠭᠤᠯᠤᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠠᠵᠢᠯ | ᠲᠦᠷᠦᠯ ᠤᠨ ᠨᠠᠮ ᠤᠨ ᠪᠠᠶᠢᠭᠤᠯᠤᠯᠲᠠ ᠪᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢ ᠣᠷᠣᠨ ᠪᠦᠰᠡᠴᠢᠯᠡᠭᠰᠡᠨ ᠨᠠᠮ ᠤᠨ | ᠪᠠᠶᠢᠭᠤᠯᠤᠯᠲᠠ ᠲᠠᠢ ᠨᠢᠭᠡᠳᠦᠯᠲᠡᠢ ᠪᠠᠶᠢᠯᠭᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ | ᠪᠠᠶᠢᠭᠤᠯᠤᠯᠲᠠ ᠶᠢ ᠠᠳᠬᠤᠬᠤ᠂ ᠵᠠᠰᠠᠯᠲᠠ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠳᠤ ᠠᠩᠬᠠᠷᠤᠯ ᠢᠶᠠᠨ | ᠲᠥᠪᠯᠡᠷᠡᠭᠦᠯᠬᠦ ᠭᠤᠣᠯ ᠬᠠᠷᠢᠭᠤᠴᠠᠯᠭ᠎ᠠ ᠭᠤᠣᠯ ᠠᠵᠢᠯ ᠢ ᠠᠬᠢᠭᠤᠯᠤᠨ᠎ᠠ᠃ | ᠬᠤᠶᠠᠷ ᠲᠤ ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠦᠨ᠂ ︽ | ᠮᠣᠷᠢ ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ ᠠᠬᠢᠭᠤᠯᠤᠨ᠎ᠠ᠃ ᠥᠨᠥ ᠵᠢᠯ ᠠᠴᠠ ᠨᠠᠭᠠᠰᠢ᠂ ︽ᠴᠢᠳᠠᠯ ᠠᠴᠠ ᠨᠢ | ᠬᠡᠲᠦᠷᠡᠭᠦᠯᠵᠦ ᠪᠠᠶᠢᠭ᠎ᠠ︾ ᠲᠣᠪᠤᠶᠢᠮ᠎ᠠ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠲᠤᠯᠠᠯᠲᠠ ᠶᠢᠨ | ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ ︽ | ᠭᠤᠷᠪᠠᠨ ᠵᠦᠢᠯ ᠤᠨ ᠵᠢᠷᠤᠮᠵᠢᠯ︾ ᠢ ᠨᠢᠭᠡ ᠴᠣᠭᠴᠠᠵᠢᠭᠤᠯᠤᠨ ᠠᠬᠢᠭᠤᠯᠵᠤ᠂ ᠳᠡᠭᠡᠷ᠎ᠡ ᠠᠴᠠ ᠳᠣᠷᠣᠭᠰᠢ ᠪᠠᠨ ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠷᠢᠭᠤᠴᠠᠯᠭ᠎ᠠ ᠭᠦᠢᠴᠡᠳᠬᠡᠬᠦ | 51 ᠵᠦᠢᠯ᠂ ᠬᠠᠤᠯᠢ ᠶᠣᠰᠣᠭᠠᠷ ᠬᠠᠮᠵᠢᠯᠴᠠᠬᠤ 20 ᠵᠦᠢᠯ ᠪᠣᠯᠭᠠᠨ ᠲᠣᠳᠣᠷᠬᠠᠶᠢᠯᠠᠬᠤ ᠪᠠ ᠲᠣᠰᠬᠤᠨ ᠤ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠵᠢᠷᠤᠮᠵᠢᠯ ᠢ 3 ᠲᠥᠷᠥᠯ ᠪᠣᠯᠭᠠᠵᠤ᠂ ᠵᠢᠭᠰᠠᠭᠠᠯ ᠤᠨ ᠭᠠᠳᠠᠨᠠᠬᠢ ᠫᠠᠶᠢᠰᠠ ᠢᠯᠡᠷᠬᠡᠶᠢᠯᠡᠯ ᠢ 6 | ᠵᠦᠢᠯ ᠠᠴᠠ ᠢᠯᠡᠭᠦᠦ ᠪᠠᠶᠢᠯᠭᠠᠬᠤ ᠦᠭᠡᠢ ᠪᠠᠷ ᠴᠣᠮᠬᠠᠳᠬᠠᠨ ᠬᠠᠰᠤᠵᠤ᠂ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ | ᠨᠠᠷᠢᠨ ᠲᠠᠩᠰᠠ ᠶᠢ 20 ᠵᠦᠢᠯ᠂ ᠵᠥᠪ ᠲᠠᠯ᠎ᠠ ᠶᠢᠨ ᠨᠠᠷᠢᠨ ᠲᠠᠩᠰᠠ ᠶᠢ 8 ᠵᠦᠢᠯ ᠢᠶᠠᠷ ᠵᠢᠭᠰᠠᠭᠠᠨ ᠭᠠᠷᠭᠠᠬᠤ ᠶᠢᠨ ᠬᠠᠮᠲᠤ | ᠵᠥᠪᠰᠢᠶᠡᠷᠡᠨ ᠣᠷᠣᠭᠤᠯᠬᠤ ᠳᠦᠷᠢᠮ ᠢ ᠪᠠᠶᠢᠭᠤᠯᠤᠨ᠎ᠠ᠃ | ᠭᠤᠷᠪᠠ ᠳᠤ᠂ ︽ᠡᠩᠨᠡᠭᠡ ᠶᠢ ᠬᠦᠴᠦᠷᠬᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ | ᠬᠦᠴᠦᠨ ᠢ ᠪᠤᠵᠠᠭᠠᠶᠢᠷᠠᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠥᠪᠥᠷ | ᠮᠣᠩᠭᠤᠯ ᠨᠢ ︽ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠮᠤᠵᠢ ᠶᠢᠨ ᠱᠠᠲᠤᠨ ᠤ ᠬᠡᠪᠴᠢᠶᠡᠨ ᠳᠤ ᠬᠠᠮᠤᠭ ᠤᠨ ᠲᠡᠷᠢᠭᠦᠨ ᠳᠤ ᠨᠡᠶᠢᠲᠡᠯᠡᠵᠦ᠂ ᠵᠢᠷᠭᠤᠭᠠᠨ ᠲᠠᠯ᠎ᠠ ᠶᠢᠨ 40 ᠵᠤᠷᠪᠤᠰ | ᠪᠣᠳᠠᠲᠠᠢ ᠠᠷᠭ᠎ᠠ ᠪᠠ ᠣᠯᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠪᠠ᠃ ᠣᠳᠣᠬᠠᠨ ᠳᠤ᠂ ᠪᠥᠬᠦ ᠣᠷᠣᠨ ᠳᠠᠬᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠲᠦᠮᠡᠨ ᠬᠥᠮᠥᠨ ᠠᠮᠠ | ᠪᠦᠷᠢ ᠳᠤ ᠨᠡᠶᠢᠭᠡᠮ ᠲᠣᠭᠤᠷᠢᠭ ᠤᠨ ᠠᠵᠢᠯᠲᠠᠨ 18 ᠬᠥᠮᠥᠨ ᠠᠴᠠ ᠢᠯᠡᠭᠦᠦ ᠪᠠᠶᠢᠬᠤ ᠪᠠᠷᠢᠮᠵᠢᠶᠠᠨ ᠳᠤ ᠬᠦᠷᠴᠡᠢ᠃ | ᠳᠥᠷᠪᠡ ᠳᠤ᠂ ︽ᠬᠠᠮᠲᠤ ᠪᠠᠷ ᠵᠠᠰᠠᠵᠤ ᠬᠠᠮᠲᠤ ᠪᠠᠷ ᠬᠦᠷᠲᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ | ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠢᠭᠡ ᠬᠥᠯᠭᠡ ᠰᠢᠲᠠᠷ᠎ᠠ︾ ᠪᠠᠶᠢᠬᠤ ᠦᠵᠡᠯ ᠰᠠᠨᠠᠭ᠎ᠠ ᠶᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠵᠣᠬᠢᠴᠠᠭᠤᠯᠬᠤ ᠲᠣᠭᠲᠠᠴᠠ ᠶᠢ ᠬᠥᠲᠥᠯᠥᠨ | ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠪᠠ ᠲᠥᠷᠥ ᠶᠢᠨ | ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ | ᠲᠠᠪᠤ ᠳᠤ ︽ᠦᠢᠯᠡᠳᠦᠯ ᠢᠶᠠᠨ ᠪᠠᠳᠠᠷᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ ᠵᠢᠱᠢᠶ᠎ᠡ ᠪᠠᠷ | ᠵᠠᠮᠴᠢᠯᠠᠭᠤᠯᠬᠤ ᠶᠢ ᠴᠢᠩᠭᠠᠳᠬᠠᠨ᠎ᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠦ᠋ᠢᠬᠠᠨ ᠰᠢᠢᠳᠪᠦᠷᠢᠯᠡᠬᠦ︾᠂ ︽ | ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ︾ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠳᠡᠯᠭᠡᠷᠡᠭᠦᠯᠦᠨ ᠬᠡᠷᠡᠭᠯᠡᠵᠦ | ᠪᠠᠶᠢᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ | ᠴᠢᠳᠠᠮᠠᠭᠠᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠪᠠ | ᠦᠨᠳᠦᠰᠦᠨ ᠱᠠᠲᠤᠨ ᠤ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠨᠢ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ | ᠦ᠋ ᠰᠦ᠋ ᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠲᠣᠬᠢᠷᠠᠭᠤᠯᠤᠯᠲᠠ ᠶᠣᠰᠣᠭᠠᠷ᠂ ᠠᠷᠠᠳ ᠤᠨ ᠬᠦᠰᠡᠯ ᠱᠠᠭᠠᠷᠳᠠᠯᠭ᠎ᠠ ᠶᠢ ᠪᠢᠳᠡ ᠰᠢᠢᠳᠪᠦᠷᠢᠯᠡᠬᠦ᠂ ᠠᠷᠠᠳ ᠤᠨ ᠬᠡᠷᠡᠭᠴᠡᠭᠡ | ᠱᠠᠭᠠᠷᠳᠠᠯᠭ᠎ᠠ ᠶᠢ ᠪᠢᠳᠡ ᠭᠦᠢᠴᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠦᠷ᠎ᠡ ᠠᠰᠢᠭ ᠢ ᠨᠡᠮᠡᠭᠳᠡᠭᠦᠯᠬᠦ᠂ | ᠳ᠋ᠠᠶᠢᠲ᠋ᠠ ᠪᠠᠷ ᠴᠢᠳᠠᠮᠵᠢ ᠣᠯᠭᠤᠬᠤ ᠶᠢ ᠠᠬᠢᠭᠤᠯᠵᠤ᠂ ᠪᠦᠬᠦ ᠣᠷᠣᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ | ᠬᠢᠭᠡᠳ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠦᠷᠭᠦᠯᠵᠢᠯᠡᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ | ᠪᠠᠶᠢᠨ᠎ᠠ᠃ | ᠨᠢᠭᠡ ᠲᠠᠯ᠎ᠠ ᠪᠠᠷ᠂ ᠠᠵᠤ ᠠᠬᠤᠶᠢᠯᠠᠯ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠠᠯᠠᠮᠰᠢᠯ ᠤᠲᠠᠰᠤ 12345 ᠪᠠᠷ | ᠢᠷᠡᠭᠦᠯᠦᠭᠰᠡᠨ ᠭᠤᠮᠣᠳᠠᠯ ᠲᠣᠭᠠᠴᠢᠯᠲᠠ ᠶᠢᠨ ᠠᠵᠢᠯ ᠤᠨ ᠳᠠᠩᠰᠠ ᠶᠢ ᠭᠦᠢᠴᠡᠳᠬᠡᠨ ᠰᠢᠢᠳᠪᠦᠷᠢᠯᠡᠬᠦ ᠠᠵᠢᠯ ᠢ | ᠰᠢᠯᠢᠳᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠶᠠᠪᠤᠭᠤᠯᠵᠤ᠂ ᠮᠡᠳᠡᠯᠭᠡ ᠶᠢᠨ ᠬᠥᠮᠥᠷᠭᠡ ᠶᠢ ᠬᠥᠳᠡᠯᠦᠩᠭᠦᠢ ᠪᠠᠷ | ᠰᠢᠨᠡᠳᠬᠡᠬᠦ ᠲᠣᠭᠲᠠᠴᠠ ᠶᠢ ᠪᠦᠷᠢᠨᠰᠢᠭᠦᠯᠬᠦ᠂ ᠤᠯᠠᠨ ᠲᠦᠮᠡᠨ ᠤ ᠵᠠᠭᠠᠯᠳᠤᠯᠭ᠎ᠠ ᠶᠢᠨ ᠲᠦᠷᠦᠯ ᠤᠨ ᠠᠵᠢᠯ ᠤᠨ | ᠬᠠᠭᠤᠳᠠᠰᠤ ᠶᠢ ᠭᠦᠢᠴᠡᠳᠬᠡᠨ ᠰᠢᠢᠳᠪᠦᠷᠢᠯᠡᠬᠦ ᠠᠵᠢᠯ ᠤᠨ ᠶᠠᠪᠤᠴᠠ ᠶᠢ ᠲᠡᠭᠦᠯᠳᠡᠷᠵᠢᠭᠦᠯᠬᠦ ᠵᠡᠷᠭᠡ 8 ᠵᠤᠷᠪᠤᠰ ᠪᠣᠳᠠᠲᠠᠢ | ᠠᠷᠭ᠎ᠠ ᠬᠡᠮᠵᠢᠶ᠎ᠡ ᠶᠢ ᠨᠡᠶᠢᠲᠡᠯᠡᠵᠡᠢ᠃ ᠣᠳᠣᠬᠠᠨ ᠳᠤ᠂ ᠪᠥᠬᠦ ᠣᠷᠣᠨ ᠳᠤ ᠠᠵᠤ ᠠᠬᠤᠶᠢᠯᠠᠯ ᠪᠠ ᠣᠯᠠᠨ ᠲᠦᠮᠡᠨ ᠤ | ᠭᠤᠮᠣᠳᠠᠯ ᠲᠣᠭᠠᠴᠢᠯᠲᠠ ᠶᠢ ᠨᠡᠶᠢᠲᠡ 503 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠪᠡ᠂ ᠰᠢᠢᠳᠪᠦᠷᠢᠯᠡᠭᠰᠡᠨ | ᠨᠣᠷᠮ᠎ᠠ ᠨᠢ 95% ᠠᠴᠠ ᠳᠡᠭᠡᠭᠰᠢ ᠳᠤ ᠬᠦᠷᠴᠡᠢ᠃ | ᠨᠥᠭᠦᠭᠡ ᠲᠠᠯ᠎ᠠ ᠪᠠᠷ᠂ ᠦᠨᠳᠦᠰᠦᠨ ᠱᠠᠲᠤᠨ ᠤ ᠬᠦᠰᠦᠨᠦᠭᠲᠦ ᠲᠠᠭᠯᠠᠵᠤ ᠮᠡᠳᠡᠭᠦᠯᠬᠦ ᠲᠤᠭ᠎ᠠ ᠨᠢ ᠣᠯᠠᠨ᠂ ᠣᠯᠠᠨ | ᠲᠠᠯ᠎ᠠ ᠠᠴᠠ ᠪᠢᠴᠢᠵᠦ ᠣᠷᠣᠭᠤᠯᠬᠤ᠂ ᠳᠠᠬᠢᠨ ᠳᠠᠪᠲᠠᠨ ᠲᠠᠭᠯᠠᠵᠤ ᠮᠡᠳᠡᠭᠦᠯᠬᠦ ᠠᠰᠠᠭᠤᠳᠠᠯ ᠳᠤ ᠴᠢᠭᠯᠡᠭᠦᠯᠦᠨ᠂ ᠦᠨᠳᠦᠰᠦᠨ | ᠱᠠᠲᠤᠨ ᠤ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ ᠢ ᠨᠢᠭᠡᠳᠦᠯᠲᠡᠢ ᠪᠠᠶᠢᠭᠤᠯᠪᠠ᠃ ᠰᠢᠰᠲ᠋ᠧᠮ ᠢ ᠥᠨᠥ | ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠥᠬᠦ ᠣᠷᠣᠨ ᠤ ᠬᠡᠪᠴᠢᠶᠡᠨ ᠳᠤ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ | ᠂ ᠪᠥᠬᠦ ᠤᠯᠤᠰ ᠲᠠᠬᠢ ᠨᠢᠭᠡᠨᠲᠡ ᠪᠠᠶᠢᠭᠤᠯᠤᠭᠳᠠᠭᠰᠠᠨ ᠠᠩᠬᠠᠳᠠᠭᠴᠢ ᠪᠥᠬᠦ ᠣᠷᠣᠨ ᠪᠦᠰᠡ ᠶᠢᠨ ᠪᠦᠬᠦ᠋ᠢᠯᠡ ᠬᠤᠰᠢᠭᠤ | ᠰᠢᠶᠠᠨ ᠬᠤᠲᠠ ᠲᠣᠭᠤᠷᠢᠭ ᠢ ᠬᠠᠮᠤᠷᠤᠭᠰᠠᠨ ᠨᠢᠭᠡᠳᠦᠯᠲᠡᠢ ᠮᠡᠳᠡᠭᠦᠯᠬᠦ ᠬᠦᠰᠦᠨᠦᠭᠲᠦ ᠶᠢᠨ ᠲᠠᠪᠴᠠᠩ ᠪᠠᠶᠢᠵᠤ᠂ ᠬᠤᠰᠢᠭᠤ | ᠰᠢᠶᠠᠨ ᠤ ᠨᠡᠶᠢᠲᠡ 3700 ᠭᠠᠷᠤᠢ ᠰᠠᠯᠠᠭ᠎ᠠ ᠮᠥᠴᠢᠷ ᠵᠢᠴᠢ ᠰᠢᠶᠠᠩ ᠵᠡᠭᠡᠯᠢ ᠶᠢᠨ ᠠᠵᠢᠯᠲᠠᠳ ᠲᠤ ᠰᠢᠰᠲ᠋ᠧᠮ ᠤᠨ | ᠲᠠᠩᠰᠠᠨ ᠨᠣᠮᠧᠷ ᠢ 2.2 ᠲᠦᠮᠡ ᠭᠠᠷᠤᠢ ᠨᠡᠭᠡᠭᠡᠵᠦ ᠥᠭᠴᠡᠢ᠃ | ᠡᠮᠬᠢᠯᠡᠬᠦ ᠪᠠᠷ ᠳᠠᠮᠵᠢᠭᠤᠯᠤᠨ ᠬᠠᠮᠲᠤ ᠪᠠᠷ ᠬᠦᠷᠲᠡᠬᠦ ᠳ᠋ᠠᠶᠢᠲ᠋ᠠ ᠶᠢᠨ ᠡᠬᠡ ᠲᠠᠩᠰᠠ ᠶᠢ ᠪᠣᠶ ᠪᠣᠯᠭᠠᠭᠠᠳ᠂ ᠮᠡᠳᠡᠭᠦᠯᠬᠦ | ᠬᠦᠰᠦᠨᠦᠭᠲᠦ ᠶᠢ 80% ᠰᠢᠬᠠᠮ ᠴᠣᠮᠬᠠᠳᠬᠠᠪᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠦᠷᠢᠮ ᠲᠣᠭᠲᠠᠴᠠ ᠶᠢ | ᠲᠠᠰᠤᠷᠠᠯᠲᠠ ᠦᠭᠡᠢ ᠪᠦᠷᠢᠨᠰᠢᠭᠦᠯᠦᠭᠰᠡᠭᠡᠷ ᠢᠷᠡᠵᠡᠢ | ᠭᠤᠤ ᠵᠠᠨ ᠱᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ | ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ | ᠲᠤᠭᠤᠰᠢᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠶᠢᠲᠤᠷ ᠬᠢᠵᠦ᠂ | ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ 10 | ᠵᠦᠢᠯ ᠤᠨ ᠠᠵᠢᠯᠯᠠᠭ᠎ᠠ ᠥᠷᠨᠢᠭᠦᠯᠵᠦ᠂ 28 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ᠂ | ᠦᠨᠳᠦᠰᠦᠲᠡᠨ ᠤ ᠠᠵᠢᠯ ᠶᠠᠪᠤᠳᠠᠯ ᠤᠳ ᠢ ᠬᠠᠤᠯᠢ ᠪᠠᠷ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶᠡᠨ ᠳᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠵᠤ᠂ | ᠳᠠᠷᠠᠭᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠠᠶᠢᠨ᠎ᠠ᠃ | ᠨᠢᠭᠡ ᠳᠤ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠦᠷᠢᠨᠰᠢᠭᠦᠯᠵᠦ ᠪᠠᠶᠢᠨ᠎ᠠ᠃ ᠦᠨᠳᠦᠰᠦᠲᠡᠨ ᠤ ᠠᠵᠢᠯ ᠤᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠬᠢᠷᠠᠭᠤᠯᠤᠨ ᠲᠡᠭᠦᠯᠳᠡᠷᠵᠢᠭᠦᠯᠬᠦ ᠲᠣᠭᠲᠠᠴᠠ ᠶᠢ ᠲᠠᠰᠤᠷᠠᠯᠲᠠ ᠦᠭᠡᠢ | ᠪᠦᠷᠢᠨᠰᠢᠭᠦᠯᠵᠦ᠂ ︽ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ︾ ᠠᠵᠢᠯ ᠢ ᠦᠷᠭᠦᠯᠵᠢᠯᠡᠨ | ᠠᠬᠢᠭᠤᠯᠵᠤ᠂ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠷᠭ᠎ᠠ ᠶᠢ ᠪᠠ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠵᠢᠯ ᠤᠨ ᠵᠦᠭᠯᠡᠭᠦᠷ ᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ 63 | ᠬᠤᠪᠢ ᠪᠢᠴᠢᠭ ᠮᠠᠲ᠋ᠧᠷᠢᠶᠠᠯ ᠤᠨ ᠤᠷᠢᠳᠠᠴᠢ ᠬᠢᠨᠠᠨ ᠬᠠᠷᠭᠤᠭᠤᠯᠤᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠬᠠᠤᠯᠢ ᠪᠠᠷ ᠵᠠᠰᠠᠬᠤ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠦᠨ᠎ᠡ᠃ | ᠬᠤᠶᠠᠷ ᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠶᠠᠪᠤᠳᠠᠯ ᠢ ᠬᠠᠤᠯᠢ ᠶᠣᠰᠣᠭᠠᠷ | ᠵᠠᠰᠠᠬᠤ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ᠣᠨᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ ᠭᠠᠵᠠᠷ ᠤᠨ | ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠂ | ᠥᠪᠡᠷᠲᠡᠭᠡᠨ ᠵᠠᠰᠠᠬᠤ ᠣᠷᠣᠨ ᠤ ᠰᠤᠳᠤᠯᠭᠠᠨ ᠤ ︵ᠪᠤᠶᠢᠵᠢᠭᠤᠯᠬᠤ︶ ᠰᠠᠭᠤᠷᠢᠨ ᠭᠠᠵᠠᠷ ᠢ 8 ᠪᠠᠶᠢᠭᠰᠠᠨ ᠠᠴᠠ ᠪᠠᠨ | ᠨᠡᠮᠡᠭᠳᠡᠭᠦᠯᠦᠭᠡᠳ 19 ᠪᠣᠯᠭᠠᠵᠠᠢ᠃ | ᠭᠤᠷᠪᠠ ᠳᠤ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠬᠠᠷᠢᠯᠴᠠᠨ ᠰᠢᠬᠢᠳᠬᠡᠯ ᠬᠡᠯᠪᠡᠷᠢᠲᠦ | ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰ ᠳᠡᠪᠰᠢᠭᠦᠯᠦᠭᠰᠡᠨ ᠵᠠᠭᠪᠤᠷ ᠢ ᠦᠷᠭᠦᠯᠵᠢᠯᠡᠨ ᠪᠣᠶ | ᠪᠣᠯᠭᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ | ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠥᠷᠨᠢᠭᠦᠯᠦᠨ᠂ | ᠦᠨᠳᠦᠰᠦᠨ ᠱᠠᠲᠤᠨ ᠤ ᠡᠭᠦᠳᠦᠨ ᠪᠠᠶᠢᠭᠤᠯᠬᠤ ᠠᠵᠢᠯ ᠤᠨ ᠨᠠᠷᠠᠲᠤ ᠲᠥᠷᠥᠯ ᠲᠡᠮᠳᠡᠭ ᠢ 396 ᠭᠠᠷᠭᠠᠵᠤ᠂ ᠨᠠᠮ ᠤᠨ | ᠬᠤᠷᠢᠶᠠᠨ ᠤ ᠤᠳᠤᠷᠢᠳᠤᠯᠭ᠎ᠠ ᠳᠤ ᠲᠦᠰᠢᠭᠯᠡᠬᠦ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳᠴᠢᠯᠠᠯ ᠢᠶᠠᠷ ᠵᠥᠪᠳᠡᠯᠴᠡᠬᠦ᠂ | ᠨᠡᠶᠢᠭᠡᠮ ᠤᠨ ᠬᠢᠨ ᠵᠣᠬᠢᠴᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ | ᠠᠩᠬ᠎ᠠ ᠠᠯᠬᠤᠮ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠵᠠᠬᠢᠳᠠᠯ ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ | ᠲᠡᠭᠦᠯᠳᠡᠷᠵᠢᠭᠦᠯᠵᠦ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ ᠥᠭᠭᠦᠨ᠎ᠡ | ᠵᠠᠩ ᠶᠢᠨ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ | ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ | ᠳᠠᠷᠤᠭ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠢ ᠥᠪᠥᠷ ᠮᠣᠩᠭᠤᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠵᠠᠬᠢᠳᠠᠯ ᠰᠤᠷᠪᠤᠯᠵᠢᠯᠠᠯ ᠤᠨ | ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ᠂ | ᠰᠤᠮᠤ ᠰᠢᠶᠠᠩ ᠪᠠᠯᠭᠠᠰᠤ᠂ ᠬᠤᠰᠢᠭᠤ ᠰᠢᠶᠠᠨ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ | ᠣᠷᠣᠯᠠᠨ ᠭᠦᠢᠴᠡᠳᠬᠡᠬᠦ ᠵᠠᠮ ᠢ ᠨᠡᠪᠲᠡᠷᠡᠭᠦᠯᠦᠨ᠂ ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠰᠡᠨ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠯᠳᠦᠭᠦᠯᠵᠦ᠂ ᠤᠯᠠᠨ ᠲᠦᠮᠡᠨ ᠤ | ᠭᠤᠮᠣᠳᠠᠯ ᠲᠣᠭᠠᠴᠢᠯᠲᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠤᠯᠠᠮ | ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ︽ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ | ᠬᠦᠯᠢᠶᠡᠵᠦ︾ ᠪᠠᠶᠢᠭᠰᠠᠨ ᠢ ︽ᠤᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠭᠠᠵᠤ᠂ ︽ᠵᠥᠷᠢᠴᠡᠯ ᠢ ᠰᠠᠨᠠᠭᠠᠴᠢᠯᠭᠠᠲᠤ | ᠪᠤᠰᠤ ᠪᠠᠷ ᠠᠷᠢᠯᠭᠠᠵᠤ︾ ᠪᠠᠶᠢᠭᠰᠠᠨ ᠢ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠪᠣᠯᠭᠠᠵᠤ᠂ ᠤᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠤᠳ ᠢ ᠴᠠᠭ ᠲᠤᠬᠠᠢ ᠳᠤ ᠨᠢ ᠭᠡᠷ ᠲᠤ ᠨᠢ | ᠰᠢᠢᠳᠪᠦᠷᠢᠯᠡᠵᠦ ᠥᠭᠬᠦ ᠪᠣᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠪᠠ | ᠃ | ᠨᠢᠭᠡ ᠳᠤ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢᠨ ︽ᠳᠣᠣᠷ᠎ᠠ ᠠᠴᠠ ᠳᠡᠭᠡᠭᠰᠢ︾᠂ ᠭᠤᠣᠯᠳᠠᠯᠭ᠎ᠠ ᠲᠠᠢ | ᠵᠦᠢᠯᠡᠰ ᠤᠨ ︽ᠳᠡᠭᠡᠷ᠎ᠡ ᠠᠴᠠ ᠳᠣᠷᠣᠭᠰᠢ︾ ᠪᠠᠶᠢᠬᠤ ᠣᠷᠣᠯᠠᠨ ᠭᠦᠢᠴᠡᠳᠬᠡᠬᠦ ᠠᠷᠭ᠎ᠠ ᠵᠠᠮ ᠢ ᠨᠡᠪᠲᠡᠷᠡᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠲᠠᠪᠤᠨ ᠱᠠᠲᠤᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠨᠢᠭᠡᠨᠲᠡ ᠴᠥᠮ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ ᠵᠡᠷᠭᠡ 40 ᠲᠢᠩᠬᠢᠮ ᠲᠣᠪᠴᠢᠶ᠎ᠠ᠂ ᠨᠢᠭᠡᠴᠢ ᠨᠦᠭᠦᠳ ᠲᠣᠰᠪᠤᠷᠢ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠠᠮ ᠱᠤᠭᠤᠮ ᠢ ᠱᠠᠲᠤ ᠳᠠᠷᠠᠭᠠᠯᠠᠨ ᠨᠡᠪᠲᠡᠷᠡᠭᠦᠯᠪᠡ᠃ | ᠬᠤᠶᠠᠷ ᠲᠤ᠂ ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠦᠯᠦᠭᠰᠡᠨ ᠣᠷᠣᠯᠠᠨ ᠭᠦᠢᠴᠡᠳᠬᠡᠬᠦ ᠶᠠᠪᠤᠴᠠ ᠶᠢ | ᠰᠢᠯᠢᠳᠡᠭᠵᠢᠭᠦᠯᠦᠨ᠎ᠡ᠃ ᠭᠤᠮᠣᠳᠠᠯ ᠲᠣᠭᠠᠴᠢᠯᠲᠠ ᠨᠢ ᠳᠥᠭᠦᠮᠬᠡᠨ ᠪᠠᠶᠢᠳᠠᠭ ᠣᠷᠣᠯᠠᠨ ᠭᠦᠢᠴᠡᠳᠬᠡᠬᠦ ᠵᠦᠢᠯᠡᠰ ᠤᠨ ᠣᠷᠣᠯᠠᠨ | ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠰᠢᠶᠠᠩ ᠲᠣᠰᠬᠤᠨ ᠬᠤᠶᠠᠷ ᠱᠠᠲᠤᠨ ᠤ ᠣᠷᠣᠯᠠᠨ ᠭᠦᠢᠴᠡᠳᠭᠡᠭᠴᠢ | ᠡᠶᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠣᠬᠢᠴᠠᠭᠤᠯᠤᠨ ᠰᠢᠢᠳᠪᠦᠷᠢᠯᠡᠵᠦ᠂ ᠴᠠᠭ ᠲᠤᠬᠠᠢ ᠳᠤ ᠨᠢ ᠬᠠᠷᠢᠭᠤᠯᠲᠠ ᠥᠭᠭᠦᠨ᠎ᠡ︔ | ᠪᠠᠶᠢᠳᠠᠯ ᠨᠢ ᠪᠤᠳᠤᠯᠢᠶᠠᠨᠲᠠᠢ ᠣᠷᠣᠯᠠᠨ ᠭᠦᠢᠴᠡᠳᠬᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ | ᠵᠠᠬᠢᠳᠠᠯ ᠰᠤᠷᠪᠤᠯᠵᠢᠯᠠᠯ ᠤᠨ ᠣᠶᠤᠨᠴᠢ ᠲᠤᠰᠠᠯᠠᠬᠤ ᠰᠢᠰᠲ᠋ᠧᠮ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ︾ | ᠬᠡᠰᠡᠭ ᠲᠤ ᠲᠦᠰᠢᠭᠯᠡᠨ᠂ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠵᠢᠷᠤᠮᠵᠢᠭᠤᠨ ᠰᠢᠢᠳᠪᠦᠷᠢᠯᠡᠵᠦ᠂ | ᠴᠠᠭ ᠲᠤᠬᠠᠢ ᠳᠤ ᠨᠢ ᠪᠠᠶᠢᠴᠠᠭᠠᠨ ᠯᠠᠪᠯᠠᠵᠤ ᠪᠣᠯᠬᠤ᠂ ᠮᠥᠷᠳᠡᠵᠦ ᠪᠣᠯᠬᠤ᠂ ᠰᠢᠮᠳᠠᠭᠤᠯᠤᠨ ᠰᠢᠢᠳᠪᠦᠷᠢᠯᠡᠭᠦᠯᠵᠦ ᠪᠣᠯᠬᠤ ᠶᠢ | ᠪᠡᠶᠡᠯᠡᠭᠦᠯᠦᠨ᠎ᠡ᠃ | ᠭᠤᠷᠪᠠ ᠳᠤ ᠦᠨᠡᠨ ᠬᠦ ᠣᠷᠣᠯᠠᠨ ᠭᠦᠢᠴᠡᠳᠬᠡᠵᠦ᠂ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠶᠢ ᠴᠢᠷᠮᠠᠶᠢᠨ | ᠪᠡᠶᠡᠯᠡᠭᠦᠯᠦᠨ᠎ᠡ᠃ ᠥᠨᠥ ᠵᠢᠯ ᠠᠴᠠ ᠨᠠᠭᠠᠰᠢ᠂ ᠡᠯ᠎ᠡ ᠭᠠᠵᠠᠷ ᠤᠨ ᠬᠢᠨ ︽ᠭᠤᠮᠣᠳᠠᠯ ᠲᠣᠭᠠᠴᠢᠭᠰᠠᠨ ᠦᠭᠡᠢ ᠪᠠᠶᠢᠲᠠᠯ᠎ᠠ | ᠤᠷᠢᠳ ᠢᠶᠠᠷ ᠰᠢᠢᠳᠪᠦᠷᠢᠯᠡᠭᠰᠡᠨ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠰᠠᠭᠠᠳ ᠦᠭᠡᠢ ᠨᠡᠪᠲᠡᠷᠡᠬᠦ | ᠵᠠᠮ ᠢᠶᠠᠷ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠦ᠋ᠢᠬᠠᠨ ᠰᠢᠢᠳᠪᠦᠷᠢᠯᠡᠵᠦ᠂ ᠳᠡᠭᠡᠭᠰᠢ ᠳᠣᠷᠣᠭᠰᠢ ᠨᠡᠪᠲᠡᠷᠡᠬᠦ ᠶᠢ ᠲᠥᠷᠥᠯ | ᠬᠤᠪᠢᠶᠠᠨ ᠣᠷᠣᠯᠠᠨ ᠭᠦᠢᠴᠡᠳᠬᠡᠵᠦ︾᠂ ᠠᠵᠢᠯ ᠤᠨ ᠠᠬᠢᠴᠠ ᠶᠢᠨ ᠳᠠᠭᠠᠤ ᠳᠤ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠭᠴᠢ ᠠᠵᠢᠯ ᠤᠨ ᠣᠷᠣᠨ ᠪᠠᠶᠢᠷᠢ ᠪᠠᠨ ᠴᠠᠭ ᠲᠤᠬᠠᠢ ᠳᠤ ᠨᠢ ᠬᠤᠪᠢᠷᠠᠭᠤᠯᠵᠤ᠂ ᠨᠢᠭᠡ ᠪᠦᠯᠦᠭ ᠣᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯᠡᠰ ᠢ ᠴᠠᠭ ᠲᠤᠬᠠᠢ ᠳᠤ ᠨᠢ ᠲᠤᠬᠠᠢ ᠶᠢᠨ | ᠭᠠᠵᠠᠷ ᠲᠤ ᠨᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠠᠢ᠂ ᠥᠨᠥ ᠵᠢᠯ ᠠᠴᠠ ᠨᠠᠭᠠᠰᠢ᠂ ᠪᠥᠬᠦ ᠣᠷᠣᠨ ᠳᠤ ᠡᠯ᠎ᠡ | ᠲᠥᠷᠥᠯ ᠤᠨ ᠵᠦᠢᠯᠡᠰ ᠢ ᠨᠢᠭᠡᠨᠲᠡ 2.5 ᠲᠦᠮᠡ ᠭᠠᠷᠤᠢ ᠣᠷᠣᠯᠠᠨ ᠭᠦᠢᠴᠡᠳᠬᠡᠭᠰᠡᠨ ᠪᠠᠶᠢᠨ᠎ᠠ᠃ |