ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠭᠠᠯ ᠪᠠᠮᠪᠠᠷ ᠵᠠᠮ ᠤᠨ ᠨᠡᠶᠢᠭᠡᠮ | ᠲᠣᠭᠤᠷᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠥᠷᠭᠡᠨ ᠣᠯᠠᠨ ᠰᠠᠭᠤᠭᠠᠯᠢ ᠠᠷᠠᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠪᠥᠬᠦ ᠠᠷᠠᠳ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠭᠠᠯ ᠪᠠᠮᠪᠠᠷ ᠵᠠᠮ ᠤᠨ ᠨᠡᠶᠢᠭᠡᠮ ᠲᠣᠭᠤᠷᠢᠭ ᠤᠬᠠᠭᠤᠯᠭ᠎ᠠ ᠶᠢᠨ ᠹᠢᠯᠢᠮ ᠢ | ᠦᠵᠡᠬᠦ᠂ ᠡᠯᠧᠺᠲᠷᠤᠨᠲ᠋ᠡᠯᠭᠡᠴᠡ ᠪᠠᠷ ᠨᠡᠪᠲᠡᠷᠡᠭᠦᠯᠬᠦ ᠵᠡᠷᠭᠡ ᠠᠵᠢᠯᠯᠠᠭ᠎ᠠ ᠪᠠᠷ ᠮᠡᠳᠡᠭᠡ ᠵᠠᠩᠭᠢ ᠶᠢ ᠪᠦᠲᠦᠮᠵᠢᠲᠡᠶ | ᠰᠠᠭᠤᠭᠠᠯᠢ ᠠᠷᠠᠳ ᠲᠤ ᠳᠠᠮᠵᠢᠭᠤᠯᠪᠠ᠃ ᠥᠷᠭᠡᠨ ᠣᠯᠠᠨ ᠰᠠᠭᠤᠭᠠᠯᠢ ᠠᠷᠠᠳ ᠲᠤ ᠮᠠᠨ ᠤ ᠤᠯᠤᠰ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠠᠭᠤᠤ ᠶᠡᠭᠡ ᠲᠡᠦᠬᠡᠨ ᠶᠠᠪᠤᠴᠠ ᠪᠠ ᠭᠦᠨ ᠵᠤᠵᠠᠭᠠᠨ ᠠᠭᠤᠯᠬᠤᠨ ᠢ ᠣᠶᠢᠯᠠᠭᠠᠭᠤᠯᠵᠤ ᠂ | ᠵᠢᠷᠤᠭ ᠪᠢᠴᠢᠭ ᠬᠤᠤᠰᠯᠠᠭᠤᠯᠤᠭᠰᠠᠨ ᠠᠷᠭ᠎ᠠ ᠮᠠᠶ᠋ᠢᠭ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ | ᠰᠠᠭᠤᠭᠠᠯᠢ ᠠᠷᠠᠳ ᠤᠨ ᠨᠢᠳᠦᠨ ᠡᠮᠦᠨ᠎ᠡ ᠠᠮᠢᠳᠤᠯᠢᠭ ᠢᠶᠠᠷ ᠳᠡᠯᠭᠡᠨ ᠦᠵᠡᠭᠦᠯᠪᠡ᠃ ᠡᠯᠧᠺᠲᠷᠤᠨ ᠳᠡᠯᠭᠡᠴᠡ | ᠳᠡᠭᠡᠷ᠎ᠡ᠂ ᠠᠮᠢᠳᠤᠯᠢᠭ ᠵᠢᠷᠤᠭ ᠪᠣᠯᠤᠨ ᠨᠠᠷᠢᠨ ᠮᠡᠳᠡᠯᠭᠡ ᠶᠢᠨ ᠲᠣᠳᠣᠷᠬᠠᠶᠢᠯᠠᠯᠲᠠ ᠨᠢ ᠰᠠᠭᠤᠭᠠᠯᠢ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠪᠠ᠃ | ᠭᠠᠯ ᠪᠠᠮᠪᠠᠷ ᠵᠠᠮ ᠤᠨ ᠨᠡᠶᠢᠭᠡᠮ ᠲᠣᠭᠤᠷᠢᠭ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠨᠡᠶᠢᠭᠡᠮ | ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠥᠷᠭᠡᠨ ᠣᠯᠠᠨ ᠰᠠᠭᠤᠭᠠᠯᠢ | ᠠᠷᠠᠳ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠᠨ ᠴᠢᠩᠭᠠᠳᠬᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠵᠤ᠂ ᠳᠡᠮᠵᠢᠵᠦ᠂ ᠲᠡᠭᠦᠨ ᠳᠤ ᠣᠷᠣᠯᠴᠠᠬᠤ ᠶᠢ ᠤᠷᠢᠶᠠᠯᠠᠨ᠎ᠠ᠃ | | | |