ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ | ᠦᠨᠡᠨᠴᠢ ᠪᠠᠷ ᠦᠢᠯᠡᠳᠦᠯᠭᠡᠵᠢᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ ᠡᠭᠦᠳᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠰᠠᠨᠠᠯ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠳᠡᠪᠰᠢᠬᠦ ᠪᠠ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠳᠤ ᠦᠵᠡᠭᠦᠯᠬᠦ ᠦᠨᠳᠦᠰᠦᠨ ᠲᠤᠯᠭᠠᠭᠤᠷᠢᠯᠠᠯ ᠢ ᠴᠢᠩᠭᠠᠳᠬᠠᠬᠤ ᠶᠢᠨ ᠲᠥᠯᠥᠭᠡ᠂ | ᠣᠨᠴᠠᠭᠠᠶᠢᠯᠠᠨ ᠲᠣᠰ ᠲᠥᠷᠥ ᠶᠢᠨ ᠪᠣᠳᠣᠯᠭ᠎ᠠ ᠶᠢ ᠲᠣᠭᠲᠠᠭᠠᠪᠠ᠃ | 1. ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠴᠢᠬᠤᠯᠠ ᠶᠡᠭᠡ ᠲᠥᠷᠥᠯ ᠵᠦᠢᠯ ᠤᠨ ᠪᠡᠯᠡ | ᠮᠥᠩᠭᠦ ᠭᠠᠷᠭᠠᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠪᠠᠶᠢᠭᠤᠯᠤᠨ᠎ᠠ᠃ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠯᠲᠡ᠂ ᠲᠡᠷᠢᠭᠦᠨ ᠤ ᠲᠡᠮᠦᠷᠯᠢᠭ | ᠮᠠᠲ᠋ᠧᠷᠢᠶᠠᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ | ᠠᠵᠤ ᠦᠢᠯᠡᠰ ᠪᠠ ᠠᠭᠠᠷ ᠮᠠᠨᠳᠠᠯ ᠤᠨ ᠠᠵᠤ ᠠᠬᠤᠶ᠂ ᠣᠶᠤᠨᠴᠢ ᠮᠠᠰᠢᠨ ᠬᠥᠮᠦᠨ᠂ ᠠᠮᠢᠳᠤ ᠪᠣᠳᠠᠰ ᠤᠨ ᠡᠮ | ᠡᠮᠨᠡᠯᠭᠡ ᠵᠡᠷᠭᠡ ᠳᠠᠶᠢᠨ ᠤ ᠰᠢᠨ᠎ᠡ ᠠᠵᠤ ᠦᠢᠯᠡᠰ ᠤᠨ ︽ᠪᠣᠭᠤᠮᠢᠯᠠᠬᠤ︾ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ᠂ | ᠠᠵᠢᠯ ᠲᠥᠷᠥᠯ ᠤᠨ ᠨᠡᠶᠢᠲᠡᠴᠢ ᠴᠢᠨᠠᠷᠲᠠᠶ ᠮᠡᠷᠭᠡᠵᠢᠯ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠵᠢᠴᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠶᠢᠨ ᠨᠡᠷᠡᠰ ᠤᠨ ᠵᠢᠭᠰᠠᠭᠠᠯᠲᠠ ᠶᠢ | ᠪᠦᠷᠢᠯᠳᠦᠭᠦᠯᠵᠦ᠂ ᠰᠠᠨᠠᠭᠠᠴᠢᠯᠠᠭ᠎ᠠ ᠠᠴᠠ ᠪᠠᠨ ᠪᠠᠶᠢᠷᠢᠯᠠᠭᠤᠯᠬᠤ᠂ ᠢᠯᠡ ᠪᠠᠷ ᠥᠷᠢᠰᠥᠯᠳᠦᠬᠦ᠂ ᠬᠠᠨᠳᠤᠯᠭ᠎ᠠ ᠲᠠᠢ ᠪᠠᠷ | ᠨᠠᠶᠢᠳᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠢ ᠵᠣᠬᠢᠶᠠᠨ ᠪᠠᠶᠢᠭᠤᠯᠤᠨ ᠰᠠᠮᠪᠠᠷ᠎ᠠ ᠳᠤ ᠪᠣᠭᠤᠮᠲᠠ ᠰᠢᠪᠲᠤᠯᠵᠤ᠂ ᠨᠢᠭᠡ ᠪᠦᠯᠦᠭ ᠳᠡᠭᠡᠳᠦ | ᠲᠠᠰ ᠤᠨ ᠴᠢᠳᠠᠪᠤᠷᠢᠲᠠᠨ ᠢ ᠲᠥᠪᠯᠡᠷᠡᠭᠦᠯᠦᠨ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠳᠤ ᠰᠢᠪᠲᠤᠯᠤᠯᠲᠠ ᠬᠢᠵᠦ᠂ | ᠨᠢᠭᠡ ᠪᠦᠯᠦᠭ ᠳᠠᠪᠠᠭᠤᠯᠢᠭ ᠦᠢᠯᠡᠳᠬᠦᠨ ᠢ ᠪᠣᠶ ᠪᠣᠯᠭᠠᠵᠤ᠂ ᠠᠵᠤ ᠦᠢᠯᠡᠰ ᠤᠨ ᠪᠡᠶ᠎ᠡ ᠪᠠᠨ ᠳᠠᠭᠠᠭᠠᠵᠤ ᠡᠵᠡᠮᠳᠡᠵᠦ | ᠪᠣᠯᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠶᠢᠨ ᠤᠶᠠᠨ | ᠬᠠᠳᠠᠨ ᠴᠢᠨᠠᠷ ᠪᠠ ᠠᠮᠤᠷ ᠲᠦᠪᠰᠢᠨ ᠤ ᠴᠢᠨᠠᠷ ᠢ ᠴᠢᠩᠭᠠᠷᠠᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠡᠯᠪᠡᠷᠢ ᠪᠠᠷ ᠵᠣᠭᠤᠰ ᠢᠶᠠᠷ ᠲᠤᠰᠠᠯᠠᠵᠤ᠂ ᠲᠠᠩ ᠭᠠᠭᠴᠠ | ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ | 2. ︽ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ︾ ᠶᠢᠨ ᠲᠤᠰᠬᠠᠶ ᠪᠠᠯᠠ ᠮᠥᠩᠭᠦ ᠶᠢ ᠪᠠᠶᠢᠭᠤᠯᠵᠤ | ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ | ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠭᠤᠣᠯᠳᠠᠭᠤ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠲᠣᠭᠲᠠᠮᠠᠯ | ᠰᠣᠷᠢᠨᠵᠢᠨ ᠴᠠᠬᠢᠯᠭᠠᠨ ᠮᠠᠰᠢᠨ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠣᠶᠤᠨᠴᠢ ᠦᠢᠯᠡᠳᠬᠡᠯ᠂ ᠵᠣᠬᠢᠶᠠᠮᠠᠯ | ᠣᠶᠤᠨ ᠴᠢᠳᠠᠪᠤᠷᠢ ᠵᠡᠷᠭᠡ ᠠᠵᠤ ᠦᠢᠯᠡᠰ ᠤᠨ ᠬᠦᠷᠢᠶᠡᠨ ᠳᠤ ︽ᠴᠡᠭ ᠡᠷᠢᠵᠦ᠂ ᠪᠦᠯᠬᠦᠮ ᠨᠡᠶᠢᠲᠡ᠂ ᠵᠠᠭᠪᠤᠷ ᠡᠷᠢᠬᠦ | ︾ ᠶᠢ ᠲᠣᠬᠢᠷᠠᠭᠤᠯᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ | ᠲᠤᠬᠢᠷᠠᠭᠤᠯᠤᠨ ᠪᠠᠶᠢᠷᠢᠯᠠᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠶ᠂ ᠨᠤᠷᠠᠭᠠᠯᠲᠠ ᠶᠢᠨ ᠴᠢᠨᠠᠷᠲᠠᠶ | ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ ᠵᠠᠩᠭᠢᠯᠠᠭ᠎ᠠ ᠶᠢᠨ ᠴᠡᠭ ᠪᠠᠶᠢᠷᠢ ᠳᠡᠭᠡᠷ᠎ᠡ ᠪᠠᠨ ᠰᠢᠪᠲᠤᠯᠤᠯᠲᠠ ᠲᠠᠢ | ᠪᠣᠯᠭᠠᠬᠤ ᠪᠠᠷ ᠴᠢᠷᠮᠠᠶᠢᠵᠤ᠂ ᠠᠩᠬᠠᠳᠠᠭᠴᠢ ᠢᠵᠢ ᠦᠢᠯᠡᠳᠬᠦᠨ᠂ ᠠᠩᠬᠠᠨ ᠤ ᠪᠦᠯᠦᠭ ᠤᠳᠠᠭ᠎ᠠ ᠶᠢᠨ ᠰᠢᠨ᠎ᠡ | ᠮᠠᠲ᠋ᠧᠷᠢᠶᠠᠯ᠂ ᠠᠩᠬᠠᠨ ᠤ ᠬᠡᠪᠯᠡᠯ ᠤᠨ ᠵᠥᠭᠡᠯᠡᠨ ᠲᠣᠨᠤᠭ ᠢ ᠪᠣᠶ ᠪᠣᠯᠭᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠡᠮᠦᠨ᠎ᠡ ᠵᠠᠬ᠎ᠠ ᠶᠢᠨ ᠪᠡᠯᠭᠡ ᠲᠡᠮᠳᠡᠭ ᠤᠨ ᠴᠢᠨᠠᠷᠲᠠᠶ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠪᠣᠶ ᠪᠣᠯᠭᠠᠵᠤ᠂ ᠰᠢᠨ᠎ᠡ ᠠᠵᠤ ᠦᠢᠯᠡᠰ ᠪᠠ ᠢᠷᠡᠭᠡᠳᠦᠶ ᠶᠢᠨ ᠠᠵᠤ ᠦᠢᠯᠡᠰ ᠢ | ᠪᠤᠶᠢᠵᠢᠭᠤᠯᠤᠨ ᠬᠥᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ | ᠲᠤᠰᠬᠠᠶ ᠲᠥᠷᠥᠯ ᠵᠦᠢᠯ ᠤᠨ ᠬᠡᠯᠪᠡᠷᠢ ᠪᠠᠷ ᠲᠤᠰᠠᠯᠠᠮᠵᠢ ᠦᠵᠡᠭᠦᠯᠵᠦ᠂ ᠭᠠᠭᠴᠠ ᠲᠥᠷᠥᠯ ᠵᠦᠢᠯ ᠳᠤ ᠬᠠᠮᠤᠭ ᠤᠨ | ᠥᠨᠳᠥᠷ ᠲᠡᠭᠡᠨ 1000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ | 3. ᠥᠨᠳᠥᠷ ᠡᠨᠧᠷᠭᠢ ᠶᠢᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠡᠬᠢ ᠡᠭᠦᠰᠦᠯ ᠢ ᠪᠣᠳᠣᠯᠬᠢᠯᠠᠬᠤ ᠴᠢᠳᠠᠪᠤᠷᠢ ᠶᠢ | ᠬᠥᠭᠵᠢᠭᠡᠨ᠎ᠡ᠃ ᠣᠷᠣᠨ ᠤ ᠲᠣᠳᠣᠷᠡᠬᠢ ᠬᠦᠲᠦᠴᠢ ᠠᠵᠤ ᠠᠬᠤᠶᠢᠯᠠᠯ᠂ ᠬᠡᠯᠬᠢᠶᠡᠵᠢᠯ ᠤᠨ ᠭᠤᠣᠯ ᠠᠵᠤ ᠠᠬᠤᠶᠢᠯᠠᠯ | ᠬᠢᠭᠡᠳ ᠳᠤᠮᠳᠠ ᠦᠵᠦᠭᠦᠷ᠂ ᠤᠯᠤᠰ ᠤᠨ ᠠᠩᠭᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ | ᠵᠣᠷᠢᠬᠵᠢᠭᠤᠯᠵᠤ ᠪᠠᠶᠢᠭᠠᠳ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠠᠮᠲᠤᠪᠠᠷ ᠪᠠᠶᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠬᠠᠮᠲᠤᠷᠠᠨ | ᠪᠠᠶᠢᠭᠤᠯᠵᠤ᠂ ᠬᠤᠣᠰ ᠲᠡᠷᠢᠭᠦᠨ ᠤ ᠳᠡᠭᠡᠲᠤ ᠰᠤᠷᠭᠠᠭᠤᠯᠢ ᠪᠣᠯᠣᠨ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠠᠢ | ᠬᠠᠮᠲᠤᠷᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠵᠤ᠂ ᠠᠺᠠᠳᠧᠮᠢᠴᠢ ᠲᠤᠰᠬᠠᠢ ᠮᠡᠷᠭᠡᠵᠢᠯᠲᠡᠨ ᠤ | ᠪᠦᠯᠬᠦᠮ ᠲᠠᠢ ᠬᠠᠮᠲᠤᠷᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠲᠡᠭᠡ ᠵᠡᠷᠭᠡ ᠶᠢ ᠪᠠᠶᠢᠭᠤᠯᠵᠤ᠂ | ︽ᠠᠵᠤ ᠠᠬᠤᠶᠢᠯᠠᠯ ᠤᠨ ᠭᠤᠣᠯ ᠴᠣᠭᠴᠠ ᠶᠢᠨ ᠣᠯᠠᠨ ᠡᠰᠢᠲᠦ ᠪᠡᠯᠡ ᠣᠷᠣᠭᠤᠯᠤᠯᠲᠠ︾ ᠭᠡᠬᠦ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠭᠡᠳᠭᠡᠨ ᠣᠷᠤᠭᠤᠯᠤᠨ ᠪᠠᠶᠢᠭᠤᠯᠵᠤ᠂ ᠨᠢᠭᠡ ᠪᠦᠯᠦᠭ | ᠳᠡᠭᠡᠳᠦ ᠰᠢᠨ᠎ᠡ ᠮᠡᠷᠭᠡᠵᠢᠯ ᠤᠨ ᠳᠡᠰ ᠤᠨ ᠰᠢᠨ᠎ᠡ ᠶᠢ ᠡᠭᠦᠳᠬᠦ ᠲᠡᠪᠴᠡᠩ ᠢ ᠪᠣᠢ ᠪᠣᠯᠭᠠᠨ᠂ ᠡᠬᠢ ᠡᠭᠦᠰᠦᠯ ᠤᠨ | ᠰᠢᠨ᠎ᠡ ᠡᠭᠦᠳᠦᠯᠲᠡ ᠶᠢ ᠴᠢᠩᠭᠠᠳᠬᠠᠵᠤ᠂ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠭᠤᠣᠯᠯᠠᠬᠤ ᠠᠵᠤ ᠦᠢᠯᠡᠰ ᠤᠨ | ︽ᠶᠡᠭᠡ ᠣᠷᠴᠢᠯ︾ ᠢ ᠦᠨᠳᠦᠰᠦᠯᠡᠭᠦᠯᠦᠨ᠎ᠡ᠃ ᠰᠢᠨ᠎ᠡ ᠪᠠᠷ ᠪᠦᠷᠢᠳᠬᠡᠨ ᠳᠠᠩᠰᠠᠯᠠᠭᠤᠯᠤᠭᠰᠠᠨ ᠤᠯᠤᠰ ᠤᠨ | ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 100 | ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠣᠯᠭᠤᠨ᠎ᠠ᠃ ᠰᠢᠨ᠎ᠡ ᠪᠠᠷ ᠳᠠᠩᠰᠠᠯᠠᠭᠤᠯᠤᠭᠰᠠᠨ ᠥᠪᠡᠷᠲᠡᠭᠡᠨ | ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ | ᠪᠣᠯᠤᠭᠰᠠᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠱᠠᠩᠨᠠᠯ ᠤᠨ ᠮᠥᠩᠭᠦ | ᠣᠯᠭᠤᠨ᠎ᠠ᠃ ᠰᠢᠨ᠎ᠡ ᠪᠠᠷ ᠪᠦᠷᠢᠳᠬᠡᠨ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠠᠵᠤ ᠠᠬᠤᠶᠢᠯᠠᠯ ᠳᠤ ᠨᠢᠭᠡ ᠯᠡ | ᠤᠳᠠᠭ᠎ᠠ ᠳᠤ 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠣᠯᠭᠤᠨ᠎ᠠ᠃ ᠰᠢᠨ᠎ᠡ ᠪᠠᠷ | ᠳᠠᠩᠰᠠᠯᠠᠭᠤᠯᠤᠭᠰᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠡᠰ ᠤᠨ ᠰᠢᠨ᠎ᠡ ᠬᠡᠯᠪᠡᠷᠢ ᠶᠢᠨ | ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 20 ᠲᠦᠮᠡᠨ | ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠭᠤᠨ᠎ᠠ᠃ | 4. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠡᠮᠵᠢᠵᠦ᠂ | ︽ᠪᠥᠬᠦ ᠠᠬᠤᠶ ᠪᠠᠶᠢᠳᠠᠯ︾ ᠤᠨ ᠦᠷ᠎ᠡ ᠪᠦᠲᠦᠭᠡᠯ ᠢ ᠤᠯᠠᠷᠢᠭᠤᠯᠬᠤ ᠠᠮᠢ ᠠᠬᠤᠶ ᠶᠢ ᠪᠣᠶ ᠪᠣᠯᠭᠠᠨ᠎ᠠ᠃ ᠦᠷ᠎ᠡ | ᠪᠦᠲᠦᠭᠡᠯ ᠢ ᠬᠤᠪᠢᠷᠠᠭᠤᠯᠬᠤ ᠵᠠᠭᠪᠤᠷ ᠤᠨ ᠲᠠᠯ᠎ᠠ ᠪᠠᠷ᠂ ᠲᠤᠷᠰᠢᠯᠲᠠ ᠶᠢᠨ ᠲᠠᠰᠤᠭ ᠤᠨ ᠰᠤᠳᠤᠯᠭᠠᠨ᠂ | ᠢᠨᠵᠧᠨᠧᠷᠢᠩᠵᠢᠭᠦᠯᠦᠨ ᠬᠡᠷᠡᠭᠯᠡᠬᠦ᠂ ᠠᠵᠤ ᠦᠢᠯᠡᠰᠵᠢᠭᠦᠯᠦᠨ ᠳᠡᠯᠭᠡᠷᠡᠭᠦᠯᠬᠦ ᠶᠢ ᠭᠦᠢᠴᠡᠳ ᠤᠶᠠᠯᠳᠤᠭᠤᠯᠵᠤ᠂ ︽ | ᠮᠡᠷᠭᠡᠵᠢᠯ ᠢ ᠰᠤᠳᠤᠯᠤᠨ ᠨᠡᠭᠡᠭᠡᠬᠦ —ᠤᠬᠠᠭᠳᠠᠬᠤᠨ ᠢ ᠰᠢᠯᠭᠠᠨ ᠪᠠᠲᠤᠯᠠᠬᠤ — ᠵᠠᠪᠰᠠᠷ ᠤᠨ ᠲᠤᠷᠰᠢᠯᠲᠠ ᠶᠢ | ᠪᠣᠯᠪᠠᠰᠤᠷᠠᠩᠭᠤᠶ ᠪᠣᠯᠭᠠᠬᠤ—ᠠᠵᠤ ᠦᠢᠯᠡᠰᠵᠢᠭᠦᠯᠦᠨ ᠦᠢᠯᠡᠳᠪᠦᠷᠢᠯᠡᠬᠦ︾ ᠪᠥᠬᠦ ᠠᠬᠤᠶ ᠲᠠᠯᠠᠪᠠᠶ ᠶᠢᠨ ᠦᠷ᠎ᠡ | ᠪᠦᠲᠦᠭᠡᠯ ᠢ ᠤᠯᠠᠷᠢᠭᠤᠯᠬᠤ ᠠᠮᠢ ᠠᠬᠤᠶ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠬᠥᠲᠥᠴᠢ ᠠᠵᠤ | ᠠᠬᠤᠶᠢᠯᠠᠯ ᠪᠤᠶᠤ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠷᠰᠢᠯᠲᠠ ᠶᠢᠨ ᠲᠠᠪᠴᠠᠩ᠂ ᠪᠣᠯᠪᠠᠰᠤᠷᠠᠩᠭᠤᠶ | ᠰᠠᠭᠤᠷᠢᠨ ᠭᠠᠵᠠᠷ ᠵᠡᠷᠭᠡ ᠶᠢ ᠰᠢᠨ᠎ᠡ ᠪᠠᠷ ᠪᠠᠶᠢᠭᠤᠯᠬᠤ ᠶᠢ ᠳᠡᠮᠵᠢᠵᠦ᠂ ᠲᠥᠬᠦᠭᠡᠷᠦᠮᠵᠢ ᠬᠤᠳᠠᠯᠳᠤᠨ ᠠᠪᠬᠤ | ᠵᠠᠷᠤᠳᠠᠯ ᠤᠨ 30% ᠶᠣᠰᠣᠭᠠᠷ ᠵᠠᠯᠭᠠᠪᠡᠷ 3 ᠵᠢᠯ᠂ ᠨᠡᠶᠢᠲᠡ 300 ᠲᠦᠮᠡᠨ ᠲᠥᠭᠦᠷᠢᠭ ᠠᠴᠠ ᠬᠡᠲᠦᠷᠡᠬᠦ ᠦᠭᠡᠶ | ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠬᠤᠪᠤᠷ ᠰᠢᠷᠦᠢ ᠶᠢᠨ ᠲᠡᠬᠡᠳᠤ ᠰᠢᠨ᠎ᠠ ᠮᠡᠷᠬᠡᠵᠢᠯ ᠤᠨ | ᠨᠡᠬᠡᠬᠡᠯᠳᠡ ᠶᠢᠨ ᠤᠷᠤᠨ ᠤ ᠤᠬᠠᠭᠳᠠᠬᠤᠨ ᠢ ᠰᠢᠯᠭᠠᠨ ᠪᠠᠳᠤᠯᠠᠬᠤ ᠲᠦᠪ ᠢᠶᠠᠷ ᠵᠦᠪᠰᠢᠶᠡᠷᠡᠭᠳᠡᠭᠰᠡᠨ ᠠᠵᠦ ᠠᠬᠤᠶᠢᠯᠠᠯ | ᠪᠤᠶᠤ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ ᠲᠤ ᠬᠠᠮᠤᠭ ᠦᠨᠳᠦᠷ ᠲᠤ ᠪᠠᠨ 20 ᠲᠦᠮᠡᠨ | ᠲᠦᠬᠦᠷᠢᠭ ᠤᠨ ᠪᠡᠯᠡ ᠮᠦᠩᠭᠦ ᠶᠢᠨ ᠲᠡᠮᠵᠢᠯᠬᠡ ᠤᠯᠭᠤᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠡᠪᠴᠢᠶᠡᠨ ᠳᠣᠲᠣᠷᠠᠬᠢ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠤᠨ | ᠠᠮᠵᠢᠯᠲᠠ ᠪᠦᠲᠦᠮᠵᠢ ᠪᠠᠷ ᠲᠣᠪᠤᠶᠢᠮ᠎ᠠ ᠠᠵᠤ ᠠᠬᠤᠶᠢᠯᠠᠯ ᠳᠤ ᠨᠥᠬᠦᠪᠥᠷᠢ ᠮᠥᠩᠭᠦ ᠶᠢᠨ ᠱᠠᠩᠨᠠᠯ ᠣᠯᠭᠤᠵᠤ᠂ | ᠲᠤᠬᠠᠶ ᠶᠢᠨ ᠵᠢᠯ ᠳᠤ ᠠᠵᠤ ᠠᠬᠤᠶᠢᠯᠠᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠭᠤᠯᠤᠭᠰᠠᠨ ᠨᠢ ᠠᠮᠵᠢᠯᠲᠠ ᠣᠯᠤᠭᠰᠠᠨ ᠪᠥᠭᠡᠳ ᠠᠷᠠᠯᠵᠢᠶ᠎ᠠ ᠪᠦᠲᠦᠭᠰᠡᠨ ᠲᠤᠭ᠎ᠠ ᠨᠢ ᠨᠡᠶᠢᠲᠡ 5000 | ᠲᠦᠮᠡᠨ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠪᠠᠯᠠ ᠮᠥᠩᠭᠦ ᠶᠢᠨ | ᠱᠠᠩᠨᠠᠯ ᠤᠯᠭᠤᠨ᠎ᠠ︔ 1000 ᠲᠦᠮᠡᠨ— 5000 ᠲᠦᠮᠡᠨ ᠲᠥᠭᠦᠷᠢᠭ ᠲᠤ 5 ᠲᠦᠮᠡᠨ ᠲᠥᠭᠦᠷᠢᠭ ᠤᠨ ᠪᠠᠯᠠ | ᠮᠥᠩᠭᠦ ᠶᠢᠨ ᠱᠠᠩᠨᠠᠯ ᠤᠯᠭᠤᠨ᠎ᠠ︔ 500 ᠲᠦᠮᠡᠨ ᠲᠥᠭᠦᠷᠢᠭ — 1000 ᠲᠦᠮᠡᠨ ᠲᠥᠭᠦᠷᠢᠭᠲ᠋ᠤ 3 ᠲᠦᠮᠡᠨ | ᠲᠥᠭᠦᠷᠢᠭ ᠤᠨ ᠪᠠᠯᠠ ᠮᠥᠩᠭᠦ ᠶᠢᠨ ᠱᠠᠩᠨᠠᠯ ᠤᠯᠭᠤᠨ᠎ᠠ ᠃ | 5. ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠡᠷᠴᠢᠮ ᠢ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠡᠩᠨᠡᠭᠡ ᠶᠢ | ᠪᠤᠵᠠᠭᠠᠶᠢᠷᠠᠭᠤᠯᠤᠨ᠎ᠠ᠃ ᠠᠵᠤ ᠠᠬᠤᠶᠢᠯᠠᠯ ᠤᠨ ᠦᠰᠦᠨ ᠪᠤᠶᠢᠵᠢᠯᠲᠠ ᠶᠢᠨ ᠪᠥᠬᠦ ᠦᠶᠡᠯᠡᠯ ᠤᠨ ᠬᠤᠭᠤᠴᠠᠭᠠᠨ ᠤ | ᠲᠣᠭᠤᠷᠢᠨ ᠳᠤ᠂ ︽ᠪᠠᠭ᠎ᠠ ᠳᠡᠭᠡᠭᠰᠢᠯᠡᠯᠲᠡ ᠲᠠᠢ᠂ ᠦᠨᠳᠦᠷ ᠬᠤᠪᠢᠷᠠᠯᠲᠠ ᠲᠠᠢ︾ ᠠᠵᠤ ᠠᠬᠤᠶᠢᠯᠠᠯ ᠢ | ᠪᠤᠶᠢᠵᠢᠭᠤᠯᠬᠤ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ —ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ—ᠪᠦᠯᠲᠡᠡ | ᠠᠵᠤ ᠠᠬᠤᠶᠢᠯᠠᠯ—ᠭᠠᠭᠴᠠ ᠡᠪᠡᠷᠲᠦ ᠠᠷᠢᠶᠠᠳᠠᠨ ᠤ ᠠᠵᠤ ᠠᠬᠤᠶᠢᠯᠠᠯ ᠢ ᠱᠠᠲᠤᠯᠢᠭ ᠪᠤᠶᠢᠵᠢᠭᠤᠯᠤᠨ ᠬᠥᠭᠵᠢᠭᠦᠯᠬᠦ | ᠰᠢᠰᠲ᠋ᠧᠮ ᠢ ᠪᠦᠷᠢᠨᠰᠢᠭᠦᠯᠦᠨ᠎ᠡ᠃ ᠠᠩᠬ᠎ᠠ ᠤᠳᠠᠭ᠎ᠠ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ 1 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ | ᠳᠡᠮᠵᠢᠯᠭᠡ ᠦᠵᠡᠭᠦᠯᠵᠦ᠂ ᠳᠠᠭᠢᠵᠤ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠳᠤ 2 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ | ᠦᠵᠡᠭᠦᠯᠦᠨ᠎ᠡ᠃ ᠠᠩᠬ᠎ᠠ ᠤᠳᠠᠭ᠎ᠠ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠳᠤ ᠬᠠᠮᠤᠭ ᠤᠨ ᠥᠨᠳᠥᠷ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠵᠦ᠂ ᠳᠠᠬᠢᠨᠲᠠ | ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠬᠠᠮᠤᠭ ᠤᠨ ᠥᠨᠳᠥᠷ ᠲᠤ ᠪᠠᠨ | 5 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠠᠩᠬ᠎ᠠ ᠤᠳᠠᠭ᠎ᠠ | ᠮᠠᠭᠠᠳᠯᠠᠨ ᠲᠣᠭᠲᠠᠭᠠᠭᠰᠠᠨ ᠪᠦᠯᠲᠡᠡ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 50 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠣᠯᠭᠤᠨ᠎ᠠ᠃ ᠠᠩᠬ᠎ᠠ ᠤᠳᠠᠭ᠎ᠠ ᠮᠠᠭᠠᠳᠯᠠᠨ | ᠲᠣᠭᠲᠠᠭᠠᠭᠰᠠᠨ ᠭᠠᠭᠴᠠ ᠡᠪᠡᠷᠲᠦ ᠠᠷᠢᠶᠠᠲᠠᠨ ᠤ ᠠᠵᠤ ᠠᠬᠤᠶᠢᠯᠠᠯ ᠳᠤ ᠬᠠᠮᠤᠭ ᠥᠨᠳᠥᠷ ᠲᠡᠭᠡᠨ 300 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | 6. ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠵᠣᠷᠢᠭᠵᠢᠭᠤᠯᠵᠤ᠂ ᠥᠨᠳᠥᠷ ᠡᠨᠧᠷᠭᠢ ᠶᠢᠨ ᠲᠠᠰ ᠤᠨ | ᠨᠡᠪᠴᠢᠭᠦᠯᠬᠦ ᠲᠠᠪᠴᠠᠩ ᠢ ᠪᠣᠶ ᠪᠣᠯᠭᠠᠨ᠎ᠠ᠃ ᠡᠯ᠎ᠡ ᠲᠥᠷᠥᠯ ᠤᠨ ᠨᠡᠶᠢᠭᠡᠮ ᠤᠨ ᠡᠬᠢ ᠪᠠᠶᠠᠯᠢᠭ ᠤᠨ ᠲᠤᠰᠬᠠᠶ | ᠮᠡᠷᠭᠡᠵᠢᠯ ᠤᠨ ᠣᠨᠴᠠᠯᠢᠭ ᠢᠶᠠᠷ ᠢᠯᠡ ᠲᠣᠳᠣ᠂ ᠰᠢᠨ᠎ᠡ ᠶᠢ ᠡᠭᠦᠳᠬᠦ ᠬᠦᠴᠦᠨ ᠵᠦᠢᠯ ᠢᠶᠠᠷ ᠬᠥᠭᠵᠢᠶᠡᠨᠲᠡᠶ᠂ ᠢᠵᠢ | ᠪᠥᠷᠢᠳᠦᠭᠦᠯᠬᠦ ᠴᠢᠳᠠᠮᠵᠢ ᠪᠠᠷ ᠪᠦᠷᠢᠨ ᠲᠡᠭᠦᠯᠳᠡᠷ ᠨᠡᠪᠴᠢᠭᠦᠯᠬᠦ ᠠᠴᠢᠶᠠᠯᠠᠪᠤᠷᠢ ᠶᠢ ᠪᠠᠶᠢᠭᠤᠯᠬᠤ ᠶᠢ ᠬᠥᠲᠥᠯᠦᠨ | ᠵᠢᠯᠣᠭᠤᠳᠴᠤ ᠵᠣᠷᠢᠭᠵᠢᠭᠤᠯᠵᠤ᠂ ᠨᠠᠷᠠᠲᠤ ᠲᠡᠮᠳᠡᠭᠴᠢᠯᠡᠭᠰᠡᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ | ᠶᠡᠷᠦᠩᠬᠡᠶᠢᠯᠡᠭᠰᠡᠨ ᠴᠣᠭᠴᠠ᠂ ᠬᠡᠪ ᠳᠠᠭᠤᠷᠢᠶᠠᠯ ᠤᠨ ᠬᠡᠯᠪᠡᠷᠢ ᠶᠢᠨ ᠨᠡᠪᠴᠢᠭᠦᠯᠦᠭᠦᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠰᠢᠯᠭᠠᠷᠠᠭᠰᠠᠨ | ᠲᠠᠰ᠂ ᠥᠨᠳᠥᠷ ᠡᠨᠧᠷᠭᠢ ᠶᠢᠨ ᠲᠠᠰ᠂ ᠰᠠᠭᠤᠷᠢ ᠲᠠᠰ ᠤᠨ ᠨᠡᠪᠴᠢᠭᠦᠯᠦᠭᠦᠷ ᠲᠤ ᠨᠢᠭᠡ ᠯᠡ ᠤᠳᠠᠭ᠎ᠠ ᠳᠤ 200 | ᠲᠦᠮᠡᠨ ᠲᠥᠭᠦᠷᠢᠭ᠂ 100 ᠲᠦᠮᠡᠨ ᠲᠥᠭᠦᠷᠢᠭ ᠪᠠ 30 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠯᠠ | ᠮᠥᠩᠭᠦ ᠶᠢᠨ ᠳᠡᠮᠵᠢᠯᠭᠡ ᠣᠯᠭᠤᠨ᠎ᠠ᠃ ᠨᠡᠪᠴᠢᠭᠦᠯᠦᠬᠦᠷ ᠤᠨ ᠡᠵᠡᠩᠨᠡᠯᠲᠡ ᠶᠢᠨ ᠪᠠᠶᠢᠭᠤᠯᠤᠮᠵᠢ ᠰᠢᠨ᠎ᠡ ᠪᠠᠷ ᠨᠢᠭᠡ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠪᠠᠯ᠂ 2 ᠲᠦᠮᠡᠨ | ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠠᠩᠬ᠎ᠠ ᠤᠳᠠᠭᠠᠨ ᠤ | ᠭᠠᠶᠢᠯᠢ ᠲᠠᠲᠠᠪᠤᠷᠢ 100 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ 2 ᠲᠦᠮᠡᠨ ᠲᠥᠭᠦᠷᠢᠭ ᠢᠶᠠᠷ ᠱᠠᠩᠨᠠᠨ᠎ᠠ︔ | ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠠᠩᠬ᠎ᠠ ᠤᠳᠠᠭᠠᠨ ᠤ ᠡᠵᠡᠩᠨᠡᠯᠲᠡ ᠶᠢᠨ | ᠣᠷᠣᠯᠭ᠎ᠠ2000 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ 2 ᠲᠦᠮᠡᠨ ᠲᠥᠭᠦᠷᠢᠭ ᠢᠶᠠᠷ ᠱᠠᠩᠨᠠᠨ᠎ᠠ︔ | ᠰᠢᠨ᠎ᠡ ᠪᠠᠷ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠠᠩᠬ᠎ᠠ ᠤᠳᠠᠭᠠᠨ ᠤ ᠡᠵᠡᠩᠨᠡᠯᠲᠡ ᠶᠢᠨ | ᠣᠷᠣᠯᠭ᠎ᠠ5000 ᠲᠦᠮᠡᠨ ᠲᠥᠭᠦᠷᠢᠭ ᠲᠤ ᠬᠦᠷᠦᠭᠰᠡᠨ ᠪᠠᠶᠢᠪᠠᠯ 5 ᠲᠦᠮᠡᠨ ᠲᠥᠭᠦᠷᠢᠭ ᠢᠶᠠᠷ ᠱᠠᠩᠨᠠᠨ᠎ᠠ︔ᠣᠨ ᠤ | ᠬᠠᠮᠤᠭ ᠤᠨ ᠥᠨᠳᠥᠷ ᠱᠠᠩᠨᠠᠯ ᠢ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | 7. ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠢ ᠴᠢᠩᠭᠠᠳᠬᠠᠵᠤ᠂ ᠠᠵᠤ | ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠳᠦᠷᠢᠮ ᠤᠨ ᠲᠠᠪᠴᠠᠩ ᠢ | ᠰᠢᠯᠢᠳᠡᠭᠵᠢᠭᠦᠯᠵᠦ᠂ ᠨᠡᠩ ᠤᠯᠠᠨ ᠪᠠᠩᠬᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠰᠢᠨ᠎ᠡ ᠶᠢ ᠡᠭᠦᠳᠴᠦ | ᠬᠤᠪᠢ ᠬᠤᠷᠠᠮᠳᠤᠭᠤᠯᠬᠤ ᠵᠢᠭᠡᠯᠡᠯᠭᠡ︾ ᠵᠡᠷᠭᠡ ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠢ | ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠵᠢᠭᠡᠯᠡᠯᠭᠡ ᠲᠠᠯᠪᠢᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ | ᠢᠲᠡᠭᠡᠮᠵᠢᠲᠦ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠵᠤ᠂ ᠢᠲᠡᠭᠡᠮᠵᠢ ᠣᠯᠭᠤᠬᠤ ᠲᠤᠭ᠎ᠠ | ᠬᠡᠮᠵᠢᠶ᠎ᠡ ᠶᠢ ᠨᠡᠮᠡᠭᠳᠡᠭᠦᠯᠵᠦ᠂ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠨ᠎ᠠ᠃ ᠠᠵᠤ ᠠᠬᠤᠢᠯᠠᠯ ᠤᠨ ᠰᠢᠨ᠎ᠡ ᠶᠢ | ᠡᠭᠦᠳᠬᠦ ᠶᠢᠨ ᠬᠤᠪᠢ ᠬᠤᠷᠠᠮᠳᠤᠭᠤᠯᠬᠤ ᠳᠦᠷᠢᠮ ᠳᠤ ᠣᠷᠣᠭᠤᠯᠤᠭᠰᠠᠨ ᠲᠠᠪᠴᠠᠩ ᠳᠤ ᠳᠡᠭᠡᠳᠦ ᠰᠢᠨ᠎ᠡ | ᠮᠡᠷᠭᠡᠵᠢᠯ ᠤᠨ ᠤᠷᠤᠨ ᠤ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ ᠵᠢᠭᠡᠯᠡᠯᠭᠡ ᠳᠤ ᠵᠣᠬᠢᠬᠤ | ᠬᠠᠷᠢᠴᠠᠯ ᠢᠶᠠᠷ ᠳᠠᠮ ᠬᠦᠦ ᠥᠭᠬᠦ ᠳᠡᠮᠵᠢᠯᠭᠡ ᠦᠵᠡᠭᠦᠯᠵᠦ᠂ ᠳᠠᠮ ᠬᠦᠦ ᠥᠭᠬᠦ ᠬᠠᠷᠢᠴᠠᠯ ᠢ ᠬᠠᠮᠤᠭ | ᠥᠨᠳᠥᠷ ᠲᠡᠭᠡᠨ 20% ᠠᠴᠠ ᠬᠡᠲᠦᠷᠡᠭᠦᠯᠵᠦ ᠪᠣᠯᠬᠤ ᠥᠬᠡᠢ᠂ ᠳᠠᠮ ᠬᠦᠦ ᠶᠢᠨ ᠵᠣᠭᠤᠰ ᠤᠨ ᠲᠤᠭ᠎ᠠ ᠶᠢ ᠬᠠᠮᠤᠭ | ᠥᠨᠳᠥᠷ ᠲᠡᠭᠡᠨ 5 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠢ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠡᠰᠢᠵᠢᠭᠰᠡᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠮᠥᠩᠭᠦᠨ ᠭᠦᠢᠯᠭᠡᠭᠡᠨ ᠤ | ᠬᠥᠷᠥᠩᠭᠡ ᠶᠢᠨ ᠡᠷᠲᠡ ᠪᠡᠯᠡ ᠣᠷᠣᠭᠤᠯᠬᠤ᠂ ᠪᠠᠭ᠎ᠠ ᠵᠢᠵᠢᠭ ᠪᠡᠯᠡ ᠣᠷᠣᠭᠤᠯᠬᠤ᠂ ᠤᠷᠲᠤ ᠬᠤᠭᠤᠴᠠᠭ᠎ᠠ ᠪᠠᠷ ᠪᠡᠯᠡ | ᠣᠷᠣᠭᠤᠯᠬᠤ᠂ ᠬᠠᠲᠠᠭᠤ ᠰᠢᠨᠵᠢᠯᠡᠬᠦ ᠤᠬᠠᠭᠠᠨ ᠮᠡᠷᠭᠡᠵᠢᠯ ᠳᠤ ᠪᠡᠯᠡ ᠣᠷᠣᠭᠤᠯᠬᠤ ᠶᠢ ᠬᠥᠲᠥᠯᠥᠨ ᠵᠢᠯᠣᠭᠤᠳᠴᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠭᠲᠠᠭᠠᠮᠵᠢᠲᠤ ᠴᠢᠨᠠᠷᠲᠠᠶ ᠰᠢᠯᠭᠠᠨ ᠬᠢᠨᠠᠬᠤ ᠰᠢᠰᠲ᠋ᠧᠮᠵᠢ | ᠪᠠᠶᠢᠭᠤᠯᠬᠤ ᠶᠢ ᠳᠡᠮᠵᠢᠨ᠎ᠡ᠃ | 8. ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠳᠠᠮᠵᠢᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢ ︽ᠦᠭᠡᠢ ᠪᠣᠯᠭᠠᠬᠤ︾ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠲᠣᠭᠠᠴᠠᠭ᠎ᠠ ᠬᠢᠬᠦ | ᠦᠶᠡᠯᠡᠯ ᠤᠨ ᠬᠤᠭᠤᠴᠠᠭᠠᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠢᠯᠭᠠᠷᠠᠭᠤᠯᠤᠨ ᠪᠤᠳᠤᠵᠤ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠦᠭᠰᠡᠨ ᠭᠠᠶᠢᠯᠢ ᠲᠤᠰᠢᠶᠠᠬᠤ ᠠᠴᠠ ᠡᠮᠦᠨ᠎ᠡ | ᠨᠡᠮᠡᠵᠦ ᠪᠤᠳᠤᠵᠤ ᠰᠠᠭᠤᠯᠭᠠᠨ ᠠᠪᠤᠭᠰᠠᠨ ᠰᠤᠳᠤᠯᠤᠨ ᠨᠡᠭᠡᠭᠡᠬᠦ ᠣᠷᠣᠭᠤᠯᠤᠯᠲᠠ ᠪᠠᠷ ᠦᠨᠳᠦᠰᠦᠯᠡᠯ ᠪᠣᠯᠭᠠᠵᠤ᠂ | ᠠᠵᠤ ᠠᠬᠤᠶᠢᠯᠠᠯ ᠤᠨ ᠲᠤᠬᠠᠶ ᠶᠢᠨ ᠵᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠭᠳᠡᠯ ᠨᠢ 50 ᠲᠦᠮᠡᠨ | ᠲᠥᠭᠦᠷᠢᠭ ᠠᠴᠠ ᠳᠡᠭᠡᠭᠰᠢ ᠪᠥᠭᠡᠳ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 4% ᠠᠴᠠ ᠳᠣᠤᠷ᠎ᠠ | ᠪᠠᠶᠢᠯᠭᠠᠵᠤ ᠪᠣᠯᠬᠤ ᠥᠬᠡᠶ᠂ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠭᠳᠡᠯ ᠤᠨ ᠬᠡᠮᠵᠢᠶ᠎ᠡ ᠶᠢᠨ 3% ᠪᠠᠷ ᠨᠥᠬᠦᠪᠥᠷᠢ | ᠥᠭᠴᠦ᠂ ᠲᠠᠩ ᠭᠠᠭᠴᠠ ᠠᠵᠤ ᠠᠬᠤᠶᠢᠯᠠᠯ ᠤᠨ ᠲᠣᠰ ᠵᠦᠢᠯ ᠤᠨ ᠨᠥᠬᠦᠪᠥᠷᠢ ᠶᠢ ᠬᠠᠮᠤᠭ ᠤᠨ ᠥᠨᠳᠥᠷ ᠲᠡᠭᠡᠨ 3 | ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ ᠠᠵᠤ ᠠᠬᠤᠶᠢᠯᠠᠯ ᠤᠨ ᠲᠤᠬᠠᠶ ᠶᠢᠨ ᠵᠢᠯ ᠤᠨ ᠰᠤᠳᠤᠯᠤᠨ ᠨᠡᠭᠡᠭᠡᠬᠦ | ᠵᠠᠷᠤᠳᠠᠯ 1000 ᠲᠦᠮᠡᠨ ᠲᠥᠭᠦᠷᠢᠭ ᠠᠴᠠ ᠳᠠᠪᠠᠭᠰᠠᠨ ᠪᠥᠭᠡᠳ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠡᠷᠴᠢᠮ ᠢ 3% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ 5‰ ᠪᠠᠷ | ᠨᠥᠬᠦᠪᠥᠷᠢ ᠥᠭᠴᠦ᠂ ᠲᠠᠩ ᠭᠠᠭᠴᠠ ᠠᠵᠤ ᠠᠬᠤᠶᠢᠯᠠᠯ ᠤᠨ ᠲᠣᠰ ᠵᠦᠢᠯ ᠤᠨ ᠨᠥᠬᠦᠪᠥᠷᠢ ᠶᠢ ᠬᠠᠮᠤᠭ ᠤᠨ | ᠥᠨᠳᠥᠷ ᠲᠡᠭᠡᠨ 5 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | 9. ᠳᠠᠭᠠᠯᠳᠤᠭᠤᠯᠤᠭᠰᠠᠨ ᠳᠦᠷᠢᠮ | ︵1︶ ᠠᠳᠠᠯᠢ ᠨᠢᠭᠡ ᠠᠵᠤ ᠠᠬᠤᠶᠢᠯᠠᠯ ᠪᠤᠶᠤ ᠠᠳᠠᠯᠢ ᠲᠦᠷᠦᠯ ᠤᠨ ᠵᠦᠢᠯᠡᠰ ᠲᠤ᠂ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠱᠠᠩᠨᠠᠯ ᠢ ᠣᠯᠤᠭᠰᠠᠨ ᠪᠠᠶᠢᠪᠠᠯ᠂ ᠳᠠᠪᠬᠤᠷᠳᠠᠭᠤᠯᠤᠨ ᠱᠠᠩᠨᠠᠬᠤ ᠦᠭᠡᠢ᠃ | ︵2︶ ᠲᠣᠰ ᠲᠥᠷᠥ ᠶᠢᠨ ᠪᠣᠳᠣᠯᠭ᠎ᠠ ᠶᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ︵3︶ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠤᠤᠯ ᠤᠨ | ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨᠤᠷᠤᠨ ᠤ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠱᠠᠩᠨᠠᠯ ᠤᠨ ᠠᠷᠭ᠎ᠠ︾ ︵ᠳᠠᠭᠠᠭᠠᠴᠢᠯᠠᠨ ᠨᠡᠭᠡᠭᠡᠬᠦ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠠᠷᠬᠠᠭᠠᠭᠰᠠᠨ ︹2021︺ 15 ᠳ᠋ᠤᠭᠠᠷ ᠲᠣᠭᠠᠲᠤ︶ ᠬᠠᠮᠲᠤ ᠳᠤ ᠨᠢ ᠬᠦᠴᠦᠨ ᠦᠭᠡᠢ | ᠪᠣᠯᠭᠠᠨ᠎ᠠ᠃ |