ᠶᠢᠨ ᠯᠢ ᠲᠣᠭᠲᠠᠮᠠᠯ ᠰᠣᠷᠢᠨᠵᠢᠨ ᠵᠢᠯ ᠤᠨ ᠭᠠᠷᠤᠯᠲᠠ 12000 ᠲᠤᠨ ᠳᠡᠭᠡᠳᠦ ᠴᠢᠳᠠᠪᠬᠢᠲᠤ ᠬᠤᠪᠣᠷ ᠰᠢᠷᠤᠢ  ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ
ᠨᠡᠶᠢᠲᠡᠯᠡᠭᠰᠡᠨ ᠴᠠᠭ᠄
2024/12/4
      ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠳᠣᠷᠣᠭᠰᠢ ᠪᠤᠭᠤᠲᠤ ᠶᠢᠨ ᠶᠢᠨ ᠯᠢ ᠲᠣᠭᠲᠠᠮᠠᠯ ᠰᠣᠷᠢᠨᠵᠢᠨ ᠭᠡᠵᠦ ᠲᠣᠪᠴᠢᠯᠠᠨ᠎ᠠ︶ ᠪᠣᠯ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠵᠢᠶᠠᠩᠰᠢ ᠶᠢᠨ ᠶᠢᠨ ᠯᠢ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠷᠢᠨ ᠬᠥᠷᠥᠩᠭᠡ ᠶᠢᠨ ᠬᠤᠪᠢᠶᠠᠷᠢ ᠺᠣᠮᠫᠠᠨᠢ ᠪᠤᠯᠤᠨ᠎ᠠ᠃ ᠳᠡᠭᠡᠳᠦ ᠴᠢᠳᠠᠪᠬᠢᠲᠤ ᠨᠸᠣᠳᠢᠮ ᠲᠡᠮᠦᠷ ᠤᠨ ᠪᠤᠷ ᠤᠨ ᠲᠣᠭᠲᠠᠮᠠᠯ ᠰᠣᠷᠢᠨᠵᠢᠨ  ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠪᠥᠭᠡᠳ  ᠰᠢᠢᠳᠪᠦᠷᠢᠯᠡᠬᠦ ᠲᠥᠰᠦᠯ ᠢ ᠨᠢᠭᠡ ᠴᠣᠭᠴᠠᠵᠢᠭᠤᠯᠤᠭᠰᠠᠨ ᠤᠯᠤᠰ ᠤᠨ ᠳᠡᠰ ᠤᠨ ᠳᠡᠭᠡᠳᠦ  ᠰᠢᠨ᠎ᠡ ᠮᠡᠷᠭᠡᠵᠢᠯ ᠤᠨ ᠠᠵᠤ ᠠᠬᠤᠢᠯᠠᠯ ᠪᠤᠯᠤᠨ᠎ᠠ᠃
    ᠪᠤᠭᠤᠲᠤ ᠶᠢᠨ ︽ᠬᠤᠶᠠᠷ ᠬᠤᠪᠣᠷ ᠰᠢᠷᠤᠢ ᠶᠢᠨ ᠰᠠᠭᠤᠷᠢᠨ ᠭᠠᠵᠠᠷ︾ ᠢ ᠪᠠᠢᠭᠤᠯᠬᠤ  ᠠᠰᠢᠭᠲᠠᠢ ᠠᠵᠠ ᠲᠣᠬᠢᠶᠠᠯ ᠳᠤ ᠲᠦᠰᠢᠭᠯᠡᠨ᠂ ᠪᠤᠭᠤᠲᠤ ᠶᠢᠨ ᠶᠢᠨ ᠯᠢ ᠲᠣᠭᠲᠠᠮᠠᠯ ᠰᠣᠷᠢᠨᠵᠢᠨ ᠨᠢᠭᠡᠳᠦᠭᠡᠷ ᠬᠤᠭᠤᠴᠠᠭᠠᠨ ᠤ ᠵᠢᠯ ᠳᠤ 8000 ᠲᠤᠨ ᠳᠡᠭᠡᠳᠦ ᠴᠢᠳᠠᠪᠬᠢᠲᠤ ᠬᠤᠪᠣᠷ ᠰᠢᠷᠤᠢ  ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠶᠢᠨ ᠰᠠᠭᠤᠷᠢᠨ ᠳᠡᠭᠡᠷ᠎ᠡ᠂ ᠬᠤᠶᠠᠳᠤᠭᠠᠷ ᠬᠤᠭᠤᠴᠠᠭᠠᠨ ᠤ ᠵᠢᠯ ᠳᠤ 12000 ᠲᠤᠨ ᠳᠡᠭᠡᠳᠦ ᠴᠢᠳᠠᠪᠬᠢᠲᠤ ᠬᠤᠪᠣᠷ ᠰᠢᠷᠤᠢ  ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠨᠡᠮᠡᠵᠦ ᠪᠡᠯᠡ ᠣᠷᠣᠭᠤᠯᠤᠨ ᠪᠦᠲᠦᠭᠡᠨ ᠪᠠᠢᠭᠤᠯᠵᠠᠢ᠃ ᠣᠳᠣᠬᠠᠨ ᠳᠤ᠂ ᠬᠤᠶᠠᠷ ᠬᠤᠭᠤᠴᠠᠭᠠᠨ ᠤ ᠲᠥᠷᠥᠯ ᠵᠦᠢᠯ ᠨᠢ ᠨᠢᠭᠡᠨᠲᠡ 20000 ᠲᠣᠨ ᠡᠭᠦᠰᠬᠡᠷ ᠮᠠᠲ᠋ᠧᠷᠢᠶᠠᠯ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠪᠤᠭᠤᠲᠤ ᠶᠢᠨ ᠶᠢᠨ ᠯᠢ ᠲᠣᠭᠲᠠᠮᠠᠯ ᠰᠣᠷᠢᠨᠵᠢᠨ ᠨᠢ  ᠪᠥᠬᠦ ᠪᠥᠮᠪᠥᠷᠴᠡᠭ ᠤᠨ ᠲᠠᠩ ᠴᠣᠭᠴᠠᠲᠤ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠸᠣᠳᠢᠮ ᠲᠡᠮᠦᠷ ᠤᠨ ᠦᠢᠯᠡᠳᠪᠦᠷᠢ ᠪᠣᠯᠤᠭᠰᠠᠨ ᠪᠠᠶᠢᠨ᠎ᠠ᠃     ᠮᠠᠰᠢᠨ ᠨᠡᠮᠡᠬᠦ᠂ ᠪᠣᠭᠤᠳᠠᠯᠯᠠᠬᠤ᠂ ᠭᠠᠳᠠᠷᠭᠤ ᠶᠢᠨ ᠰᠢᠢᠳᠪᠦᠷᠢᠯᠡᠬᠦ ᠲᠠᠰᠤᠭ ᠨᠢ ᠶᠠᠭ ᠲᠣᠨᠤᠭ ᠲᠥᠬᠦᠭᠡᠷᠦᠮᠵᠢ ᠶᠢ ᠤᠭᠰᠠᠷᠠᠵᠤ ᠲᠣᠬᠢᠷᠠᠭᠤᠯᠤᠨ ᠲᠤᠷᠰᠢᠵᠤ ᠪᠠᠶᠢᠨ᠎ᠠ᠂ ᠠᠯᠪᠠᠨ ᠪᠠ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠠᠷᠢᠯᠭ᠎ᠠ ᠨᠢᠭᠡᠨᠲᠡ ᠰᠢᠪᠲᠤᠷᠭᠠᠨ ᠳᠠᠭᠠᠨ ᠣᠷᠣᠪᠠ᠃ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠨᠢ 50 ᠳ᠋ᠦᠩᠰᠢᠭᠤᠷ ᠲᠥᠭᠦᠷᠢᠭ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠨᠢ 2500 ᠲᠦᠮᠡᠨ ᠲᠥᠭᠦᠷᠢᠭ ᠢ ᠪᠡᠶᠡᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号