ᠪᠸᠢ ᠹᠠᠩ ᠵᠢᠶᠠ ᠰᠢᠤᠸᠠᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠥᠨᠳᠥᠷ ᠦᠷ᠎ᠡ ᠠᠰᠢᠭᠲᠤ ᠴᠠᠬᠢᠯᠭᠠᠨ ᠮᠠᠰᠢᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ
ᠨᠡᠶᠢᠲᠡᠯᠡᠭᠰᠡᠨ ᠴᠠᠭ᠄
2024/12/4
    ᠪᠸᠢ ᠹᠠᠩ ᠵᠢᠶᠠ ᠰᠢᠤᠸᠠᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠥᠨᠳᠥᠷ ᠪᠦᠲᠦᠮᠵᠢᠲᠡᠶ ᠴᠠᠬᠢᠯᠭᠠᠨ ᠮᠠᠰᠢᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠬᠤᠪᠣᠷ ᠰᠢᠷᠣᠶ ᠶᠢᠨ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠨᠡᠭᠡᠭᠡᠯᠲᠡᠲᠦ ᠮᠠᠶ᠋ᠢᠭ ᠤᠨ ᠲᠤᠷᠰᠢᠯᠲᠠ ᠶᠢᠨ ᠲᠦᠪ᠂ ᠨᠡᠭᠡᠭᠡᠯᠲᠡᠲᠦ ᠲᠤᠷᠰᠢᠯᠲᠠ ᠶᠢᠨ ᠲᠠᠰᠤᠭ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠤᠭᠰᠠᠷᠠᠬᠤ ᠦᠢᠯᠡᠳᠪᠦᠷᠢᠯᠡᠯ ᠤᠨ ᠱᠤᠭᠤᠮ᠂ ᠡᠭᠦᠯᠡᠨ ᠦᠢᠯᠡᠴᠢᠯᠡᠭᠡᠨ ᠤ ᠲᠠᠪᠴᠠᠩ ᠤᠨ ᠳᠡᠯᠭᠡᠨ ᠦᠵᠡᠭᠦᠯᠬᠦ ᠲᠣᠭᠠᠴᠢᠯᠠᠭᠰᠠᠨ ᠪᠣᠬᠢᠷᠲᠤᠯ ᠥᠬᠡᠶ ᠦᠢᠯᠡᠳᠪᠦᠷᠢ ᠶᠢ ᠪᠠᠶᠢᠭᠤᠯᠵᠤ᠂ ᠵᠢᠯ ᠳᠤ 1270 ᠰᠠᠭᠤᠷᠢ ︵ᠢᠵᠢ︶ ᠲᠣᠭᠲᠠᠮᠠᠯ ᠰᠣᠷᠢᠨᠵᠢᠨ ᠥᠨᠳᠥᠷ ᠪᠦᠲᠦᠮᠵᠢᠲᠡᠶ ᠴᠠᠬᠢᠯᠭᠠᠨ ᠮᠠᠰᠢᠨ ᠦᠢᠯᠡᠳᠪᠦᠷᠢᠯᠡᠬᠦ ᠲᠥᠬᠦᠭᠡᠷᠦᠮᠵᠢ ᠦᠢᠯᠡᠳᠪᠦᠷᠢᠯᠡᠬᠦ ᠴᠢᠳᠠᠪᠤᠷᠢ ᠶᠢ ᠪᠡᠶᠡᠯᠡᠭᠦᠯᠵᠦ ᠪᠠᠶᠢᠨ᠎ᠠ᠃
    ᠦᠢᠯᠡᠳᠬᠦᠨ ᠳᠤ ᠤᠶᠤᠨᠴᠢ ᠲᠣᠭᠲᠠᠮᠠᠯ ᠰᠣᠷᠢᠨᠵᠢᠨ ᠢᠶᠠᠷ ᠰᠢᠭᠤᠳ ᠬᠥᠳᠡᠯᠭᠡᠬᠦ ᠲᠦᠩᠰᠡ᠂ ᠤᠶᠤᠨᠲᠤ ᠲᠣᠭᠲᠠᠮᠠᠯ ᠰᠣᠷᠢᠨᠵᠢᠨᠲᠤ ᠰᠢᠭᠤᠳ ᠬᠥᠳᠡᠯᠭᠡᠬᠦ ᠴᠠᠬᠢᠯᠭᠠᠨ ᠮᠠᠰᠢᠨ᠂ ᠤᠶᠤᠨᠲᠤ ᠲᠣᠭᠲᠠᠮᠠᠯ ᠰᠣᠷᠢᠨᠵᠢᠨᠲᠤ ᠢᠵᠢᠯ ᠠᠯᠬᠤᠮᠲᠤ ᠴᠠᠬᠢᠯᠭᠠᠨ ᠮᠠᠰᠢᠨ᠂ ᠠᠰᠬᠠᠨ ᠦᠷᠦᠬᠦ ᠬᠠᠭᠠᠰ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠠᠭᠤᠷᠬᠠᠢ ᠳᠤ ᠬᠡᠷᠡᠭᠯᠡᠬᠦ ᠢᠨᠵᠧᠨᠧᠷᠢᠩ ᠤᠨ ᠴᠠᠬᠢᠯᠭᠠᠨ ᠬᠥᠳᠡᠯᠭᠡᠭᠦᠷᠲᠦ ᠠᠴᠢᠶᠠᠨ ᠤ ᠮᠠᠰᠢᠨ ᠤ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠡᠷᠭᠢᠯᠳᠦᠭᠡ ᠮᠠᠰᠢᠨ ᠵᠡᠷᠭᠡ ᠶᠢ ᠪᠠᠭᠲᠠᠭᠠᠵᠤ᠂ ᠬᠡᠷᠡᠭᠯᠡᠭᠴᠢᠳ ᠲᠤ ︽ᠦᠪᠡᠷᠮᠢᠴᠡᠴᠢᠯᠡᠭᠰᠡᠨ ᠵᠢᠷᠤᠭ ᠲᠦᠯᠦᠪᠯᠡᠭᠡ + ᠡᠨᠧᠷᠬᠢ ᠠᠷᠪᠢᠯᠠᠬᠤ ᠰᠢᠰᠲ᠋ᠧᠮ ᠢ ᠰᠢᠢᠳᠪᠦᠷᠢᠯᠡᠬᠦ ᠲᠦᠰᠦᠯ +ᠤᠶᠤᠨᠴᠢᠯᠠᠭᠰᠠᠨ ᠦᠢᠯᠡᠳᠭᠦᠨ + ᠲᠦᠷᠭᠡᠨ ᠠᠶᠠᠳᠠᠬᠤ ᠦᠢᠯᠡᠴᠢᠯᠡᠭᠡ》 ᠵᠡᠷᠭᠡ ᠨᠢᠭᠡ ᠴᠣᠭᠴᠠᠵᠢᠭᠰᠠᠨ ᠦᠢᠯᠡᠴᠢᠯᠡᠭᠡ  ᠬᠠᠩᠭᠠᠨ᠎ᠠ  ᠃
     ᠣᠳᠣᠬᠠᠨ ᠳᠤ᠂ ᠲᠥᠷᠥᠯ  ᠵᠦᠢᠯ ᠨᠢ ᠨᠢᠭᠡᠨᠲᠡ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠤᠶᠠᠨ ᠴᠢᠨᠠᠷᠲᠠᠶ ᠦᠢᠯᠡᠳᠪᠦᠷᠢᠯᠡᠯ ᠤᠨ ᠱᠤᠭᠤᠮ᠂ ᠶᠡᠷᠦᠩᠬᠡᠶᠢᠯᠡᠭᠰᠡᠨ ᠴᠠᠬᠢᠯᠭᠠᠨ ᠮᠠᠰᠢᠨ ᠤ ᠰᠢᠯᠭᠠᠯᠲᠠ ᠶᠢᠨ ᠲᠠᠪᠴᠠᠩ᠂ ᠨᠡᠭᠡᠭᠡᠯᠲᠡᠲᠦ ᠲᠤᠷᠰᠢᠯᠲᠠ ᠶᠢᠨ ᠲᠠᠰᠤᠭ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 1.6MW ᠵᠢᠴᠢ ᠲᠡᠭᠦᠨ ᠠᠴᠠ ᠳᠣᠷᠣᠭᠰᠢᠬᠢ ᠡᠯ᠎ᠡ ᠴᠠᠬᠢᠯᠭᠠᠨ ᠬᠦᠴᠦᠳᠡᠯ ᠤᠨ ᠲᠠᠰ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ  ᠦᠢᠯᠡᠳᠭᠦᠨ ᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠨᠡᠶᠢᠳᠡᠮ ᠬᠡᠷᠡᠭᠯᠡᠬᠦ ᠥᠨᠳᠥᠷ ᠪᠦᠲᠦᠮᠵᠢᠲᠡᠶ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠲᠣᠭᠲᠠᠮᠠᠯ ᠰᠣᠷᠢᠨᠵᠢᠨ ᠰᠢᠭᠤᠳ ᠬᠥᠳᠡᠯᠭᠡᠭᠦᠷ ᠴᠠᠬᠢᠯᠭᠠᠨ ᠮᠠᠰᠢᠨ᠂ ᠲᠣᠭᠲᠠᠮᠠᠯ ᠰᠣᠷᠢᠨᠵᠢᠨ ᠬᠤᠷᠳᠤᠴᠠ ᠪᠠᠭᠤᠷᠠᠭᠤᠯᠬᠤ ᠨᠢᠭᠡ ᠪᠡᠶᠡᠲᠦ ᠮᠠᠰᠢᠨ᠂ ᠢᠨᠵᠧᠨᠧᠷᠢᠩ ᠤᠨ ᠲᠡᠷᠭᠡ ᠬᠥᠰᠬᠡ ᠵᠡᠷᠭᠡ ᠡᠯ᠎ᠡ ᠲᠥᠷᠥᠯ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠦᠢᠯᠡᠳᠪᠦᠷᠢᠯᠡᠬᠦ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃
    2024 ᠣᠨ ᠤ 8 ᠳ᠋ᠤᠭᠠᠷ ᠰᠠᠷ᠎ᠠ ᠳᠤ ᠨᠢᠭᠡᠳᠦᠭᠡᠷ ᠪᠦᠯᠦᠭ ᠤᠨ ᠵᠠᠬᠢᠶᠠᠯᠠᠭ᠎ᠠ ᠶᠢᠨ ᠬᠠᠭᠤᠳᠠᠰᠤ ᠳᠤ ᠭᠠᠷ ᠤᠨ ᠥᠰᠥᠭ ᠵᠢᠷᠤᠭᠰᠠᠨ ᠠᠴᠠ ᠨᠠᠰᠢ᠂ ᠪᠸᠢ ᠹᠠᠩ ᠵᠢᠶᠠ ᠰᠢᠤᠸᠠᠨ ᠤ ᠬᠤᠶᠠᠷ ᠰᠠᠷ᠎ᠠ ᠳᠠᠷᠠᠭᠠᠯᠠᠨ ᠦᠢᠯᠡᠳᠪᠦᠷᠢᠯᠡᠯ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ 7000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠬᠦ ᠪᠣᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号