ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ ᠶᠢᠨ 4 ᠴᠢᠳᠠᠪᠤᠷᠢᠲᠠᠨ᠂ 1 ᠪᠦᠯᠬᠦᠮ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠡᠷᠳᠡᠮᠲᠡᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/12/4
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠠᠩᠬᠠᠳᠠᠭᠴᠢ ᠪᠦᠯᠦᠭ ︽ᠡᠷᠳᠡᠮᠲᠡᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ ᠴᠢᠳᠠᠪᠤᠷᠢᠲᠠᠨ ᠤ ᠲᠥᠷᠥᠯ ᠵᠦᠢᠯ ᠢ ᠮᠠᠭᠠᠳᠯᠠᠨ ᠲᠣᠭᠲᠠᠭᠠᠬᠤ ᠵᠢᠴᠢ ᠪᠦᠯᠬᠦᠮ ᠨᠡᠶᠢᠲᠡ ᠶᠢᠨ ᠲᠥᠷᠥᠯ ᠵᠦᠢᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠶᠢᠨ ᠲᠠᠨᠢᠯᠴᠠᠭᠤᠯᠤᠭᠰᠠᠨ ᠳᠡᠭᠡᠳᠦ ᠳᠡᠰ ᠳᠠᠪᠬᠤᠷᠭ᠎ᠠ ᠶᠢᠨ 4 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ ᠪᠠᠷ ᠳᠡᠮᠵᠢᠨ᠂ ᠬᠠᠨ ᠨᠦᠸᠧ ᠸᠧᠢ ᠣᠶᠤᠨᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠣᠮᠫᠠᠨᠢ ᠶᠢᠨ ᠯᠢ ᠱᠢ ᠹᠠᠩ ᠭᠤᠷᠪᠠᠨ ᠲᠥᠷᠥᠯ ᠤᠨ ᠴᠢᠳᠠᠪᠤᠷᠢᠲᠠᠨ ᠢᠶᠠᠷ ᠮᠠᠭᠠᠳᠯᠠᠨ  ᠳᠤᠭᠲᠠᠭᠠᠭᠳᠠᠵᠤ᠂ ᠥᠪᠥᠷ ᠮᠣᠩᠭᠤᠯ ᠤᠨ ᠪᠥᠸᠧ ᠲᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠤᠢ ᠱᠢ ᠮᠢᠨ ᠲᠠᠪᠤᠨ ᠲᠥᠷᠥᠯ ᠤᠨ ᠴᠢᠳᠠᠪᠤᠷᠢᠲᠠᠨ ᠢᠶᠠᠷ ᠮᠠᠭᠠᠳᠯᠠᠨ  ᠳᠤᠭᠲᠠᠭᠠᠭᠳᠠᠵᠤ᠂᠂ ᠥᠪᠥᠷ ᠮᠣᠩᠭᠤᠯ ᠤᠨ ᠪᠸᠢ ᠺᠧ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠦᠨ ᠤ ᠬᠢᠵᠠᠭᠠᠷᠲᠤ ᠺᠣᠮᠫᠠᠨᠢ ᠵᠢᠨ‌ᠬᠠᠨ ᠲᠢᠶᠠᠨ᠂ ᠥᠪᠥᠷ ᠮᠣᠩᠭᠤᠯ ᠤᠨ ᠪᠥᠸᠧ ᠭᠧ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠶᠢᠨ ᠯᠢ ᠨᠠᠨ ᠵᠢᠷᠭᠤᠭᠠᠨ ᠲᠥᠷᠥᠯ ᠤᠨ ᠴᠢᠳᠠᠪᠤᠷᠢᠲᠠᠨ ᠢᠶᠠᠷ ᠮᠠᠭᠠᠳᠯᠠᠨ ᠳᠤᠭᠲᠠᠭᠠᠭᠳᠠᠪᠠ᠃      ᠥᠪᠥᠷ ᠮᠣᠩᠭᠤᠯ ᠤᠨ ᠪᠸᠢ ᠺᠧ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠦᠨ ᠤ ᠬᠢᠵᠠᠭᠠᠷᠲᠤ ᠺᠣᠮᠫᠠᠨᠢ ᠶᠢᠨ ︽ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠭᠰᠠᠨ ᠬᠤᠪᠣᠷ ᠰᠢᠷᠣᠢ ᠶᠢᠨ ᠲᠡᠮᠦᠷᠯᠢᠭ ᠴᠠᠬᠢᠯᠭᠠᠨ ᠵᠠᠳᠠᠯᠤᠯ ᠤᠨ ᠪᠦᠬᠦ ᠬᠡᠯᠬᠢᠶᠡᠨ ᠤ ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠬᠥᠭᠵᠢᠭᠦᠯᠬᠦ ᠵᠢᠴᠢ ᠬᠡᠷᠡᠭᠯᠡᠭᠡᠨ ᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ︾ ᠨᠢᠭᠡᠳᠦᠭᠡᠷ ᠪᠦᠯᠦᠭ ᠤᠨ ︽ᠡᠷᠳᠡᠮᠲᠡᠨ ᠴᠢᠳᠠᠪᠤᠷᠢᠲᠠᠨ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ ᠪᠦᠯᠬᠦᠮ ᠤᠨ ᠲᠦᠷᠦᠯ ᠵᠦᠢᠯ ᠳᠤ ᠰᠣᠩᠭᠤᠭᠳᠠᠪᠠ᠃      ︽ᠡᠷᠳᠡᠮᠲᠡᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠴᠣᠭᠴᠠᠯᠠᠨ ᠪᠠᠶᠢᠭᠤᠯᠤᠭᠰᠠᠨ ᠴᠢᠳᠠᠪᠤᠷᠢᠲᠠᠨ ᠤ ᠢᠨᠵᠧᠨᠧᠷᠢᠩ ᠤᠨ ᠲᠥᠷᠥᠯ ᠵᠦᠢᠯ ᠪᠣᠯᠤᠨ᠎ᠠ᠃ ᠲᠣᠰ ᠢᠨᠵᠧᠨᠧᠷᠢᠩ ᠨᠢ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠶᠢᠨ ᠨᠢᠭᠡᠳᠦᠯᠲᠡᠶ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠲᠥᠷᠥᠯ ᠬᠤᠪᠢᠶᠠᠬᠤ ᠵᠢᠴᠢ ᠮᠠᠭᠠᠳᠯᠠᠨ ᠲᠣᠭᠲᠠᠭᠠᠬᠤ ᠯᠠᠪᠯᠠᠯᠲᠠ ᠶᠢᠨ ᠪᠠᠷᠢᠮᠵᠢᠶ᠎ᠠ ᠶᠢ ᠠᠩᠬ᠎ᠠ ᠤᠳᠠᠭ᠎ᠠ ᠳᠤᠷᠠᠳᠴᠤ᠂ ᠴᠢᠳᠠᠪᠤᠷᠢᠲᠠᠨ ᠤ ᠲᠥᠷᠥᠯ ᠬᠤᠪᠢᠶᠠᠬᠤ ᠪᠠ ᠤᠷᠮᠠᠰᠢᠭᠤᠯᠬᠤ ᠠᠷᠭ᠎ᠠ ᠬᠡᠮᠵᠢᠶ᠎ᠡ ᠶᠢ ᠣᠷᠣᠭᠤᠯᠬᠤ᠂ ᠬᠥᠮᠦᠵᠢᠭᠦᠯᠬᠦ᠂ ᠦᠯᠡᠳᠡᠭᠡᠬᠦ᠂ ᠬᠡᠷᠡᠭᠯᠡᠬᠦ ᠡᠯ᠎ᠡ ᠲᠠᠯ᠎ᠠ ᠳᠤ ᠲᠤᠭᠤᠰᠢᠯᠠᠭᠤᠯᠵᠤ᠂ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠠᠷᠠᠭᠠᠯᠵᠠᠯ ᠤᠨ ᠪᠠᠲᠤᠯᠠᠭ᠎ᠠ ︽ᠭᠤᠷᠪᠠ ᠶᠢ ᠨᠢᠭᠡᠳᠬᠡᠬᠦ︾ ᠶᠢ ᠪᠡᠶᠡᠯᠡᠭᠦᠯᠪᠡ᠃ ᠬᠤᠶᠢᠰᠢᠳᠠ᠂ ᠲᠣᠰ ᠢᠨᠵᠧᠨᠧᠷᠢᠩ ᠨᠢ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠪᠥᠬᠦ ᠦᠶᠡᠯᠡᠯ ᠤᠨ ᠬᠤᠭᠤᠴᠠᠭᠠᠨ ᠳᠤ ᠮᠥᠷᠳᠡᠨ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠵᠢᠴᠢ ᠲᠡᠳᠡᠨ ᠤ ᠪᠦᠯᠬᠦᠮ ᠨᠡᠶᠢᠲᠡ ᠨᠢ ᠲᠠᠰ ᠳᠡᠪᠰᠢᠭᠦᠯᠦᠨ ᠤᠷᠠᠮᠰᠢᠭᠤᠯᠬᠤ᠂ ᠡᠷᠭᠢᠯᠳᠦᠭᠦᠯᠦᠨ ᠳᠡᠮᠵᠢᠬᠦ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠭᠥᠷᠳᠡᠵᠦ᠂ ᠮᠠᠭᠠᠳᠯᠠᠨ ᠲᠣᠭᠲᠠᠭᠠᠭᠰᠠᠨ ᠲᠥᠷᠥᠯ ᠢᠯᠭᠠᠯ ᠢᠶᠠᠨ ᠦᠨᠳᠦᠰᠦᠯᠡᠨ ᠴᠢᠳᠠᠪᠤᠷᠢᠲᠠᠨ ᠳᠤ ︽ᠴᠢᠳᠠᠪᠤᠷᠢᠲᠠᠨ ᠤ ᠺᠣᠳ᠋︾ ᠣᠯᠭᠤᠵᠤ ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠵᠣᠬᠢᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠡᠮᠴᠢᠯᠡᠭᠡᠨ ᠤ ᠪᠠᠲᠤᠯᠠᠭ᠎ᠠ ᠵᠡᠷᠭᠡ ᠴᠢᠳᠠᠪᠤᠷᠢᠲᠠᠨ ᠤ ᠣᠯᠭᠤᠮᠵᠢ ᠶᠢ ᠭᠥᠷᠳᠡᠵᠦ ᠪᠣᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号