ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ 2024  ᠣᠨ ᠤ ᠠᠵᠢᠯ ᠤᠨ ᠬᠠᠷᠢᠭᠤ ᠮᠡᠳᠡᠭᠦᠯᠦᠯᠳᠡ
ᠨᠡᠶᠢᠲᠡᠯᠡᠭᠰᠡᠨ ᠴᠠᠭ᠄
2024/2/1
     2023 ᠣᠨ ᠤ ᠠᠵᠢᠯ ᠤᠨ ᠡᠷᠭᠢᠴᠡᠭᠦᠯᠦᠯ      2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠭᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠪᠦᠬᠦ ᠣᠷᠣᠨ ᠢᠶᠠᠷ ᠢᠶᠠᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠬᠦᠳᠦᠴᠢ ᠪᠣᠯᠭᠠᠨ ︽1+7︾ ᠠᠵᠢᠯ ᠤᠨ ᠲᠥᠰᠥᠯ ᠢ ᠲᠣᠭᠳᠠᠭᠠᠨ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠭᠰᠠᠨ ᠠᠴᠠ ᠡᠯ᠎ᠡ ᠵᠦᠢᠯ ᠤᠨ ᠠᠵᠢᠯ ᠰᠢᠯᠢᠳᠡᠭ ᠠᠮᠵᠢᠯᠲᠠ ᠣᠯᠪᠠ᠃ —— ᠠᠵᠤ ᠠᠬᠤᠢ  ᠎ ᠶᠢᠨ ᠬᠦᠢᠴᠡᠳᠭᠡᠯ ᠲᠤᠭ᠎ᠠ  ᠎ ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ ᠳᠤ ᠡᠮᠦᠨ᠎ᠡ  ᠡᠩᠨᠡᠭᠡᠨ ᠳᠤ ᠵᠢᠭᠰᠠᠪᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 657 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠪᠡ  ︔      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠎ ᠬᠢ ᠠᠴᠠ 33.2% ᠨᠡᠮᠡᠭᠳᠡᠪᠡ︔      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 155 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.5% ᠨᠡᠮᠡᠭᠳᠡᠪᠡ  ︔ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 82.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ  ︔—— ᠰᠢᠨ᠎ᠡ ᠪᠠᠷ ᠨᠡᠮᠡᠭᠳᠡᠭᠰᠡᠨ ︽ᠳᠥᠷᠪᠡ ᠲᠡᠭᠡᠭᠰᠢᠬᠢ︾ ᠠᠵᠤ ᠠᠬᠤᠶᠢᠯᠠᠯ ᠤᠨ ᠲᠤᠭ᠎ᠠ ᠪᠥᠬᠦ ᠬᠤᠲᠠ ᠳᠤ ᠬᠠᠮᠤᠭ ᠤᠨ ᠣᠯᠠᠨ ᠪᠠᠶᠢᠨ᠎ᠠ       ᠪᠥᠬᠦ ᠵᠢᠯ ᠳᠤ ᠰᠢᠨ᠎ᠡ ᠪᠠᠷ ᠨᠡᠮᠡᠭᠳᠡᠭᠰᠡᠨ ︽ᠳᠥᠷᠪᠡ ᠲᠡᠭᠡᠭᠰᠢᠬᠢ︾ ᠠᠵᠤ ᠠᠬᠤᠶᠢᠯᠠᠯ 120 ᠪᠠᠶᠢᠵᠤ᠂ ᠥᠩᠭᠡᠷᠡᠭᠰᠡᠨ 3 ᠵᠢᠯ ᠤᠨ ᠨᠡᠶᠢᠯᠡᠪᠦᠷᠢ ᠪᠣᠯᠣᠨ᠎ᠠ᠂ ᠡᠭᠦᠨ ᠳᠤ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢ 30᠂ ᠬᠢᠷᠢ ᠬᠡᠮ ᠤᠨ ᠲᠠᠰ ᠤᠨ ᠪᠠᠷᠢᠯᠭ᠎ᠠ ᠶᠢᠨ ᠦᠢᠯᠡᠰ 17᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠣᠷᠣᠨ ᠰᠠᠭᠤᠴᠠ ᠬᠤᠭᠤᠯᠠᠨ ᠤ ᠦᠢᠯᠡᠰ 62᠂ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ 11  ᠪᠣᠶ᠃ —— ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠠᠵᠠᠷ ᠰᠢᠷᠣᠢ ᠶᠢᠨ ᠠᠰᠠᠭᠤᠳᠠᠯ ᠢ ᠨᠠᠮᠳᠠᠭᠤᠯᠪᠠ       ᠨᠡᠶᠢᠲᠡ 2332 ᠮᠦ ᠭᠠᠵᠠᠷ ᠰᠢᠷᠣᠢ ᠶᠢ ᠲᠠᠲᠠᠪᠤᠷᠢᠯᠠᠨ᠂ 3.78 ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠲᠡᠭᠡᠷᠡᠬᠢ ᠪᠠᠷᠢᠯᠭ᠎ᠠ ᠶᠢ ᠨᠤᠷᠠᠭᠠᠨ ᠨᠡᠭᠦᠯᠭᠡᠪᠡ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠲᠤᠯᠭᠠᠭᠤᠷᠢᠯᠠᠯ ᠬᠠᠩᠭᠠᠪᠠ᠃—— ᠬᠤᠪᠣᠷ ᠰᠢᠷᠣᠢ ᠶᠢᠨ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠲᠦᠷᠭᠡᠨ ᠳᠠᠪᠬᠢᠬᠤ ᠵᠠᠮ ᠳᠤ ᠣᠷᠣᠪᠠ       ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ︽ᠵᠠᠭᠤᠨ ᠡᠳᠦᠷ ᠤᠨ ᠰᠢᠪᠳᠣᠯᠣᠯᠳᠠ︾ ᠠᠵᠢᠯᠯᠠᠭ᠎ᠠ ᠶᠢᠨ ᠲᠥᠰᠥᠯ ᠢ ᠲᠣᠭᠲᠠᠭᠠᠵᠤ᠂ 13 ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠨᠡᠶᠢᠲᠡ 494 ᠠᠵᠤ ᠠᠬᠤᠶᠢᠯᠠᠯ ᠢ ᠰᠤᠷᠪᠤᠯᠵᠢᠯᠠᠵᠤ᠂ ᠠᠶᠢᠯᠴᠢᠯᠠᠬᠤ ᠪᠠᠷ ᠢᠷᠡᠭᠰᠡᠨ 36 ᠠᠵᠤ ᠠᠬᠤᠶᠢᠯᠠᠯ ᠢ ᠭᠥᠯᠢᠶᠡᠨ ᠠᠪᠴᠤ᠂ 15 ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃       2023 ᠣᠨ ᠤ ᠦᠪᠦᠷ ᠮᠣᠩᠭᠤᠯ ᠤᠨ ᠬᠤᠳᠠᠯᠳᠣᠭᠠᠴᠢᠨ ᠣᠷᠢᠵᠣ ᠪᠡᠯᠨ ᠣᠷᠣᠭᠤᠯᠣᠭᠰᠠᠨ ᠲᠡᠷᠢᠭᠦᠨ ᠤ ᠨᠢᠭᠡᠴᠢ ᠪᠠᠷ ᠦᠨᠡᠯᠡᠭᠳᠡᠪᠡ᠃       ᠨᠢᠭᠡ ᠵᠢᠯ ᠤᠨ ᠲᠤᠷᠰᠢ᠂ ᠭᠤᠣᠯᠳᠠᠭᠤ ᠨᠠᠢᠮᠠᠨ ᠵᠦᠢᠯ ᠤᠨ ᠠᠵᠢᠯ ᠬᠢᠪᠡ᠃ 01ᠡᠯ᠎ᠡ ᠵᠦᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠠᠵᠤ ᠠᠬᠤᠶᠢᠯᠠᠯ ᠳ᠋᠊ ᠤ ᠠᠰᠢᠭ ᠬᠦᠷᠲᠡᠭᠡᠵᠦ ᠲᠡᠳᠬᠦᠨ ᠲᠡᠮᠵᠢᠪᠠᠪᠥᠬᠦ ᠵᠢᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ 14.14 ᠳ᠋ᠦᠩᠰᠢᠭᠤᠷ ᠲᠥᠭᠦᠷᠢᠭ ᠢ ᠳᠠᠪᠠᠪᠠ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 5.64 ᠳ᠋ᠦᠩᠰᠢᠭᠤᠷ ᠲᠥᠭᠦᠷᠢᠭ ᠢ ᠳᠠᠪᠠᠪᠠ ᠬᠠᠷᠢᠶᠠᠲᠤ ᠣᠷᠣᠨ ᠤ ᠠᠵᠤ ᠠᠬᠤᠶᠢᠯᠠᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠳᠡᠮᠵᠢᠯᠭᠡ ᠶᠢᠨ ᠪᠡᠯᠡ ᠮᠥᠩᠭᠦ ᠶᠢ 3.94 ᠳ᠋ᠦᠩᠰᠢᠭᠤᠷ ᠲᠥᠭᠦᠷᠢᠭ ᠲᠡᠮᠡᠴᠡᠨ ᠣᠯᠪᠠ ᠣᠷᠣᠨ ᠤ ᠱᠠᠲᠤᠨ ᠤ ᠡᠯ᠎ᠡ ᠲᠥᠷᠥᠯ ᠤᠨ ᠲᠡᠳᠬᠦᠨ ᠳᠡᠮᠵᠢᠬᠦ ᠪᠡᠯᠡ ᠮᠥᠩᠭᠦ ᠶᠢ 2.26 ᠳ᠋ᠦᠩᠰᠢᠭᠤᠷ ᠲᠥᠭᠦᠷᠢᠭ ᠪᠡᠯᠡᠨ ᠵᠣᠭᠤᠰ ᠪᠣᠯᠭᠠᠪᠠ 02ᠠᠵᠤ ᠠᠬᠤᠢ ᠶᠢ ᠦᠨᠡᠨᠬᠦ ᠴᠢᠩᠭᠠᠳᠬᠠᠨᠭᠦᠢᠴᠡᠳᠬᠡᠯ ᠢ ᠬᠢᠨᠠᠨ ᠬᠡᠮᠵᠢᠬᠦ ᠵᠠᠳᠠᠯᠤᠯᠲᠠ ᠬᠢᠪᠠᠪᠦᠬᠦ ᠵᠢᠯ ᠳᠤ 45 ᠤᠳᠠᠭᠠᠨ ᠤ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠬᠤᠷᠠᠯᠳᠣᠭᠤᠯᠪᠠ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ 4 ᠰᠠᠷ᠎ᠠ ᠶᠢᠨ ᠬᠤᠭᠤᠴᠠᠭ᠎ᠠ ᠶᠢ ᠬᠡᠷᠡᠭᠰᠡᠵᠦ ᠪᠠᠶᠢᠭᠤᠯᠭ᠎ᠠ ᠶᠢᠨ ᠪᠠᠶᠢᠴᠠᠭᠠᠯᠲᠠ ᠶᠢ ᠬᠢᠪᠠᠰᠢᠰᠲ᠋ᠧᠮ ᠲᠠᠢ ᠬᠦᠴᠦᠨ ᠪᠦᠭᠦᠢ ᠪᠠᠶᠢᠴᠠᠭᠠᠬᠤ ᠡᠲᠡᠭᠡᠳ 4.1 ᠲᠦᠮᠡᠨ ᠡᠷᠦᠬᠡ ᠶᠢ ᠪᠣᠶ ᠪᠣᠯᠭᠠᠪᠠ᠂ ᠡᠭᠦᠨ ᠳᠤ᠂  ᠪᠠᠶᠢᠭᠤᠯᠭ᠎ᠠ 1.13 ᠲᠦᠮᠡᠨ ᠡᠷᠦᠬᠡ᠂ ᠬᠤᠪᠢ  ᠎ ᠶᠢᠨ 2.97 ᠲᠦᠮᠡᠨ ᠡᠷᠦᠬᠡ ᠪᠠᠭᠳᠠᠨ᠎ᠠ03 ᠲᠦᠷᠦᠯ ᠵᠦᠢᠯ ᠢ ᠢᠳᠡᠪᠬᠢᠳᠡᠢ ᠲᠦᠯᠬᠢᠨ ᠠᠬᠢᠭᠤᠯᠵᠣᠠᠵᠢᠯ ᠡᠬᠢᠯᠡᠬᠦ ᠨᠥᠬᠦᠴᠡᠯ ᠪᠦᠷᠢᠯᠳᠦᠭᠦᠯᠪᠠ44 ᠡᠳᠦᠷ ᠲᠤ ᠱᠤᠸᠠᠩ ᠯᠢᠶᠠᠩ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠦᠴᠦᠨ ᠤ ᠱᠤᠭᠤᠮ ᠢ ᠰᠢᠯᠵᠢᠭᠦᠯᠦᠨ ᠥᠭᠡᠷᠡᠴᠢᠯᠡᠬᠦ ᠢᠨᠵᠧᠨᠧᠷᠢᠩ ᠢ ᠳᠠᠭᠤᠰᠬᠠᠪᠠ 70 ᠮᠢᠨᠦ᠋ᠲ ᠤᠨ ᠳᠣᠲᠣᠷ᠎ᠠ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠢ ᠶᠢᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠭᠦᠢᠴᠡᠳᠬᠡᠵᠦ ᠲᠠᠭᠤᠰᠬᠠᠪᠠᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 65 ᠶᠠᠪᠣᠭᠳᠠᠭᠤᠯᠪᠠ᠂ ᠡᠭᠦᠨ ᠳᠤ᠂ 42 ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠪᠠᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠳᠤ ᠠᠵᠤ ᠦᠢᠯᠡᠰ ᠤᠨ ᠲᠥᠷᠥᠯ ᠵᠦᠢᠯ 35 ᠪᠣᠶ ᠠᠵᠤ ᠦᠢᠯᠡᠰ ᠤᠨ ᠲᠥᠷᠥᠯ ᠵᠦᠢᠯ ᠳᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ 28᠂ ᠢᠯᠠᠩᠭᠤᠶ᠎ᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ ᠵᠦᠢᠯ 5 ᠪᠣᠶ 04 ᠠᠵᠣ ᠠᠬᠤᠶᠢᠯᠠᠯ ᠢ ᠭᠤᠣᠯᠳᠠᠯᠭ᠎ᠠ ᠲᠠᠢ ᠲᠡᠳᠭᠦᠨᠰᠢᠨᠵᠢᠯᠡᠭᠡ ᠮᠡᠷᠭᠡᠵᠢᠯ ᠤᠨ ᠡᠭᠦᠳᠦᠯᠳᠡ ᠶᠢ ᠠᠬᠢᠭᠤᠯᠪᠠᠪᠦᠬᠦ ᠵᠢᠯ ᠳᠤ ᠬᠠᠷᠢᠶ᠎ᠠ ᠣᠷᠣᠨ ᠤ ᠠᠵᠤ ᠠᠬᠤᠶᠢᠯᠠᠯ ᠳᠤ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠡᠳᠬᠦᠮᠵᠢ ᠶᠢᠨ ᠪᠡᠯᠡ ᠮᠥᠩᠭᠦ ᠶᠢ ᠨᠡᠶᠢᠲᠡ 1.96 ᠳ᠋ᠦᠩᠰᠢᠭᠤᠷ ᠲᠥᠭᠦᠷᠢᠭ ᠣᠯᠵᠤ᠂ ᠲᠤᠰ ᠱᠠᠲᠤᠨ ᠤ ᠵᠠᠷᠤᠯᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ 1.62 ᠳ᠋ᠦᠩᠰᠢᠭᠤᠷ ᠲᠥᠭᠦᠷᠢᠭ ᠲᠣᠬᠢᠷᠠᠭᠤᠯᠪᠠᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 3.21% ᠪᠠᠶᠢᠭᠰᠠᠨ  ᠎ ᠠᠴᠠ ᠪᠠᠨ 3.26% ᠪᠣᠯᠵᠤ ᠳᠡᠭᠡᠭᠰᠢᠯᠡᠪᠡ 58 ᠠᠵᠤ ᠠᠬᠤᠶᠢᠯᠠᠯ ᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠪᠠ 201 ᠠᠵᠤ ᠠᠬᠤᠶᠢᠯᠠᠯ ᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠪᠠ 1 ᠠᠵᠤ ᠠᠬᠤᠶᠢᠯᠠᠯ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠤᠨ ᠵᠥᠪᠰᠢᠶᠡᠷᠡᠯ  ᠎ ᠢ ᠣᠯᠪᠠ 05ᠣᠯᠠᠨ ᠲᠦᠮᠡᠨ ᠤ ᠬᠦᠰᠡᠯ ᠡᠷᠡᠮᠡᠯᠵᠡᠯ ᠤᠨ ᠲᠣᠭᠤᠷᠢᠨ ᠳᠤᠠᠷᠠᠳ ᠤᠨ ᠠᠮᠢᠳᠤᠷᠠᠯ ᠤᠨ ᠪᠣᠳᠠᠲᠤ ᠠᠵᠢᠯᠯᠠᠭ᠎ᠠ ᠶᠢ ᠲᠣᠬᠢᠷᠠᠭᠤᠯᠪᠠ3 ᠬᠠᠭᠤᠴᠢᠨ ᠲᠣᠭᠤᠷᠢᠭ ᠢ ᠥᠭᠡᠷᠡᠴᠢᠯᠡᠪᠡ᠂ ᠶᠡᠷᠦᠩᠬᠡᠢ ᠲᠠᠯᠠᠪᠠᠢ ᠨᠢ11.4 ᠲᠦᠮᠡᠨ ᠲᠡᠭᠰᠢ ᠳᠥᠷᠪᠡᠯᠵᠢᠨ ᠮᠧᠲᠷ 4 ᠲᠣᠭᠤᠷᠢᠭ᠂ 53 ᠺᠢᠯᠣᠮᠧᠲᠷ ᠤᠨ ᠳᠤᠯᠠᠭᠠᠯᠭ᠎ᠠ ᠶᠢᠨ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠪᠡ ᠨᠡᠶᠢᠲᠡ 1.6 ᠺᠢᠯᠣᠮᠧᠲᠷ ᠤᠨ ︽ᠮᠤᠬᠤᠷ ᠵᠠᠮ︾᠎ ᠢ 3 ᠨᠡᠪᠲᠡᠷᠡᠭᠦᠯᠪᠡ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 103 ᠪᠣᠰᠬᠠᠪᠠᠬᠤᠲᠠ ᠶᠢᠨ ᠲᠣᠭᠤᠷᠢᠭ ᠠᠴᠠ ᠬᠠᠲᠤᠨ ᠭᠤᠣᠯ ᠤᠨ ᠯᠦᠩ ᠴᠧᠩ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠵᠣᠬᠢᠴᠠᠭᠤᠯᠤᠨ ᠨᠡᠪᠲᠡᠷᠡᠭᠦᠯᠪᠡ 15 ᠣᠶᠢᠷ᠎ᠠ ᠬᠠᠪᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠪᠠ 7104 ᠲᠦᠮᠡᠨ ᠲᠥᠭᠦᠷᠢᠭ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠨᠥᠬᠦᠪᠦᠷᠢ ᠮᠥᠩᠭᠦ ᠲᠡᠮᠡᠴᠡᠨ ᠣᠯᠪᠠ4 ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠬᠡᠲᠦ ᠳᠡᠯᠭᠡᠭᠦᠷ︾ ᠪᠠ ︽ᠣᠯᠠᠨ ᠣᠳᠣᠳ ᠤᠨ ᠵᠢᠵᠢᠭ ᠲᠠᠪᠴᠠᠩ ︾᠎ ᠢ ᠴᠣᠭᠴᠠᠯᠠᠪᠠ06︽ᠭᠤᠷᠪᠠ ᠶᠢ ᠲᠡᠮᠡᠴᠡᠨ ᠣᠯᠬᠤ︾ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠᠪᠦᠬᠦ ᠵᠢᠯ ᠳᠤ 8.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠣᠯᠪᠠ ︽ᠤᠯᠤᠰ ᠤᠨ ᠦᠨᠡᠨᠬᠦ ᠠᠳᠬᠤᠨ ᠪᠣᠳᠠᠲᠠᠢ ᠠᠵᠢᠯᠯᠠᠵᠤ ᠢᠯᠡᠳᠲᠡ ᠦᠷ᠎ᠡ ᠪᠦᠲᠦᠮᠵᠢ ᠣᠯᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠢᠱᠢᠶ᠎ᠡ ᠦᠵᠡᠭᠦᠯᠬᠦ ᠬᠦᠷᠢᠶᠡᠯᠡᠩ  ︾᠎ ᠢᠶᠠᠷ ᠵᠦᠪᠰᠢᠶᠡᠷᠡᠭᠳᠡᠪᠡ ︽ᠤᠯᠤᠰ ᠤᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠵᠤ ᠰᠢᠨ᠎ᠡ ᠶᠢ ᠡᠭᠦᠳᠬᠦ ᠲᠣᠷᠰᠢᠯᠳᠠ ᠶᠢᠨ ᠪᠠᠶᠢᠭᠤᠯᠭ᠎ᠠ︾᠎ ᠪᠠᠷ ᠦᠨᠡᠯᠡᠭᠳᠡᠪᠡ 07 ᠡᠯ᠎ᠡ ᠵᠦᠢᠯ ᠤᠨ ᠨᠡᠶᠢᠭᠡᠮ ᠤᠨ ᠠᠵᠢᠯ ᠎ ᠢ ᠴᠢᠨᠠᠷ ᠰᠠᠶᠢᠲᠠᠢ ᠬᠥᠭᠵᠢᠭᠦᠯᠬᠦ ᠢ ᠠᠬᠢᠭᠤᠯᠪᠠᠹᠦ᠋ ᠯᠢᠨ ᠵᠠᠮ ᠤᠨ ᠪᠠᠭ᠎ᠠ ᠰᠤᠷᠭᠠᠭᠤᠯᠢ ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠦᠨᠡᠯᠡᠭᠳᠡᠪᠡ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠰᠣᠷᠭᠠᠭᠤᠯᠢ ᠪᠠᠷ ᠦᠨᠡᠯᠡᠭᠳᠡᠪᠡ ᠣᠯᠠᠨᠪᠣᠯᠠᠭ ᠭᠤᠣᠯ ᠪᠠᠭ᠎ᠠ ᠰᠤᠷᠭᠠᠭᠤᠯᠢ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠨᠢᠭᠡᠳᠦᠭᠡᠷ ᠲᠤ ᠣᠷᠣᠪᠠ ᠪᠤᠭᠤᠲᠤ ᠶᠢᠨ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠮᠦᠽᠧᠢ ᠶᠢ ᠪᠠᠶᠢᠭᠤᠯᠵᠤ ᠠᠰᠢᠭᠯᠠᠯᠳᠠ ᠳᠤ ᠣᠷᠣᠪᠠ ᠵᠢᠷᠣᠭᠴᠢ ᠲᠣᠰᠬᠤᠨ ᠤ ᠬᠠᠭᠤᠴᠢᠨ ᠲᠣᠰᠬᠤᠨ ᠢ ᠥᠭᠡᠷᠡᠴᠢᠯᠡᠬᠦ ᠲᠥᠰᠥᠯ ᠢ ᠲᠥᠯᠥᠪᠯᠡᠭᠰᠡᠨ ᠪᠥᠭᠡᠳ ᠬᠠᠳᠣᠨ ᠭᠤᠣᠯ ᠤᠨ ᠬᠦᠪᠡᠭᠡ ᠲᠠᠭᠠᠣ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠢᠳᠡᠪᠬᠢᠳᠡᠢ  ᠣᠷᠣᠯᠴᠠᠪᠠ08 ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠠᠰᠠᠭᠤᠳᠠᠯ ᠢ ᠵᠣᠬᠢᠰᠲᠠᠢ ᠰᠢᠢᠳᠪᠦᠷᠢᠯᠡᠪᠠᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠣᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠴᠢᠮ ᠬᠡᠷᠡᠭᠴᠡᠭᠡ ᠶᠢ ᠴᠢᠩᠭ᠎ᠠ ᠬᠢᠵᠠᠭᠠᠷᠯᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠪᠡ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠦᠢᠯᠡᠰ ᠤᠨ ᠳᠠᠪᠰᠢᠯᠲᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠪᠡ ᠠᠵᠢᠯ ᠤᠨ ᠡᠭᠦᠷᠭᠡ ᠨᠦᠰᠡᠷ ᠬᠦᠨᠳᠦ ᠪᠠᠶᠢᠬᠤ ᠪᠠ ᠬᠥᠮᠥᠨ ᠤ ᠬᠦᠴᠦᠨ ᠪᠠᠭ᠎ᠠ ᠪᠠᠶᠢᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠪᠡ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠪᠠ ᠦᠨᠡᠨ ᠠᠴᠠ ᠵᠥᠪ ᠢ ᠡᠷᠢᠬᠦ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠪᠡ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠪᠠ ᠭᠠᠳᠠᠭᠠᠳᠤ ᠶᠢᠨ ᠬᠦᠴᠦᠨ ᠳᠤ ᠲᠦᠰᠢᠭᠯᠡᠬᠦ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠪᠡ  
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号