︽ᠬᠠᠪᠤᠷ ᠤᠨ ᠰᠠᠯᠬᠢᠨ︾ ᠠᠵᠢᠯ ᠤᠨ ᠪᠠᠶᠢᠷᠢ ᠶᠢ ᠬᠦᠷᠭᠡᠵᠦ᠂ ᠬᠦᠰᠡᠵᠣ ᠲᠣᠭᠳᠣᠯᠣᠭᠰᠠᠨ ᠬᠦᠮᠦᠰ ᠤᠨ ᠰᠡᠳᠬᠢᠯ ᠢ ᠳᠤᠯᠠᠭᠠᠴᠠᠭᠤᠯᠤᠨ᠎ᠠ    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠠᠶᠠᠷ ᠤᠨ ᠳᠠᠷᠠᠭᠠᠬᠢ ᠠᠩᠬᠠᠳᠠᠭᠴᠢ ᠠᠵᠢᠯ ᠡᠯᠰᠡᠯᠳᠡ ᠶᠢᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2024/2/27
    ᠬᠠᠪᠤᠷ ᠤᠨ ᠣᠷᠢᠨ ᠳᠤ  ᠲᠦᠮᠡᠨ ᠡᠬᠢᠯᠡᠯᠲᠡ ᠶᠢ ᠠᠮᠵᠢᠭᠤᠯᠵᠣ᠂ ᠴᠢᠳᠠᠪᠤᠷᠢᠲᠠᠨ ᠢ ᠦᠯᠡᠳᠡᠭᠡᠵᠦ ᠠᠵᠢᠯᠴᠢᠨ ᠡᠯᠰᠡᠬᠦ ᠪᠠᠨ ᠶᠡᠷᠣ ᠨᠢ ᠵᠣᠭᠰᠣᠯ ᠦᠭᠡᠢ᠃ ᠯᠣᠣ ᠵᠢᠯ ᠤᠨ ᠡᠬᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ︽2024 ᠣᠨ ᠤ ᠬᠠᠪᠤᠷ ᠤᠨ ᠰᠠᠯᠬᠢᠨ ᠤ ᠠᠵᠢᠯᠯᠠᠭ᠎ᠠ︾᠎ ᠶᠢᠨ ᠲᠤᠰᠬᠠᠢ ᠠᠵᠢᠯ ᠢ ᠪᠥᠬᠦ ᠲᠠᠯ᠎ᠠ ᠪᠠᠷ ᠲᠣᠭᠤᠰᠢᠯᠠᠭᠤᠯᠵᠣ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯᠴᠢᠨ ᠬᠡᠷᠡᠭᠯᠡᠬᠦ ᠶᠢ ᠪᠠᠲᠤᠯᠠᠨ᠂ ᠬᠥᠭᠵᠢᠯᠲᠡ ᠶᠢ ᠠᠬᠢᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠳᠠᠪᠤᠷᠢᠲᠠᠨ ᠤ ᠦᠢᠯᠡᠴᠢᠯᠡᠭᠡᠨ ᠤ ᠲᠥᠪ ᠲᠠᠢ ᠬᠠᠮᠲᠤᠷᠠᠨ ᠴᠠᠭᠠᠨ ᠰᠠᠷ᠎ᠠ ᠶᠢᠨ ᠰᠢᠨ᠎ᠡ ᠶᠢᠨ ᠶᠢᠰᠦᠨ ᠳᠤ ᠵᠠᠯᠭᠠᠭ᠎ᠠ ᠪᠠᠷ 3 ᠡᠳᠦᠷ ︵2 ᠰᠠᠷ᠎ᠠ ᠶᠢᠨ 18᠎ ᠤ ᠡᠳᠦᠷ ᠠᠴᠠ 20᠎ ᠤ ᠡᠳᠦᠷ ᠪᠣᠯᠲᠠᠯ᠎ᠠ︶ ︽2024 ᠣᠨ ᠤ ︿ᠬᠠᠪᠤᠷ ᠤᠨ ᠰᠠᠯᠬᠢᠨ ᠤ ᠠᠵᠢᠯᠯᠠᠭ᠎ᠠ﹀᠎ ᠶᠢᠨ ᠡᠬᠢᠯᠡᠯᠲᠡ ᠶᠢᠨ ᠶᠣᠰᠣᠯᠠᠯ ᠵᠢᠴᠢ ᠴᠢᠳᠠᠪᠤᠷᠢᠲᠠᠨ ᠤ ᠠᠵᠢᠯ ᠣᠯᠭᠤᠯᠲᠠ ᠶᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ︾᠎ ᠢ ᠵᠣᠬᠢᠶᠠᠨ ᠪᠠᠶᠢᠭᠤᠯᠪᠠ᠃     2 ᠰᠠᠷ᠎ᠠ ᠶᠢᠨ 18᠎ ᠤ ᠡᠳᠦᠷ᠂ ᠯᠣᠣ ᠵᠢᠯ ᠤᠨ ᠠᠩᠬᠠᠨ ᠤ ᠠᠵᠢᠯᠲᠠᠨ ᠡᠯᠰᠡᠬᠦ ᠴᠤᠭᠯᠠᠭᠠᠨ ᠪᠣᠯᠵᠤᠭ᠎ᠠ ᠶᠣᠰᠣᠭᠠᠷ ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠳᠠᠪᠤᠷᠢᠲᠠᠨ ᠤ ᠦᠢᠯᠡᠴᠢᠯᠡᠭᠡᠨ ᠤ ᠲᠥᠪ ᠤᠨ ᠴᠢᠳᠠᠪᠤᠷᠢᠲᠠᠨ ᠤ ᠰᠣᠯᠢᠯᠴᠠᠭᠠᠨ ᠤ ᠲᠢᠩᠬᠢᠮ ᠤᠨ ᠭᠤᠷᠪᠠᠳᠤᠭᠠᠷ ᠳᠠᠪᠬᠤᠷᠯᠢᠭ ᠲᠤ ᠵᠢᠩᠬᠢᠨᠢ ᠪᠠᠷ ᠡᠬᠢᠯᠡᠪᠡ᠃     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠤᠨ ᠨᠤᠲᠤᠭ ᠲᠠᠭᠠᠨ ᠬᠠᠷᠢᠵᠤ ᠰᠢᠨᠡᠯᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠰᠢᠵᠢᠷ ᠠᠯᠲᠠᠨ ᠵᠠᠪᠰᠢᠶᠠᠨ ᠢ  ᠵᠠᠪᠳᠣᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠠᠴᠠ ᠪᠠᠶᠢᠷᠢᠯᠠᠭᠤᠯᠤᠯᠲᠠ ᠪᠠᠨ ᠤᠷᠢᠳᠴᠢᠯᠠᠨ ᠲᠥᠯᠥᠪᠯᠡᠵᠦ᠂ ᠪᠠᠶᠠᠷ ᠤᠨ ᠡᠳᠦᠷ ᠠᠴᠠ ᠡᠮᠦᠨ᠎ᠡ ᠠᠵᠤ ᠠᠬᠤᠶᠢᠯᠠᠯ ᠢ ᠭᠦᠨᠵᠡᠭᠡᠢ ᠵᠣᠯᠭᠠᠭᠤᠯᠵᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶᠎ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠶᠢᠩᠰᠧ ᠣᠨᠴᠠ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠳ᠋ᠦᠩ ᠹᠠᠩ ᠬᠦᠰᠡᠯ ᠤᠨ ᠪᠤᠭᠤᠲᠤ ᠶᠢᠨ ᠬᠤᠪᠣᠷ ᠰᠢᠷᠣᠢ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠮᠠᠨ ᠤ ᠣᠷᠣᠨ ᠤ 82 ᠭᠤᠣᠯᠳᠠᠯᠭ᠎ᠠ ᠲᠠᠢ ᠴᠢᠨᠠᠷ ᠰᠠᠶᠢᠲᠠᠢ ᠠᠵᠤ ᠠᠬᠤᠶᠢᠯᠠᠯ ᠢ ᠤᠷᠢᠵᠤ᠂ ᠨᠡᠶᠢᠲᠡ 3559 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠭᠠᠳᠠᠭᠠᠳᠤ ᠳᠤ ᠪᠠᠶᠢᠭ᠎ᠠ ᠪᠤᠭᠤᠲᠤ ᠶᠢᠨ ᠬᠥᠮᠥᠰ ᠲᠤ ᠭᠤᠣᠯᠳᠠᠯᠭ᠎ᠠ ᠪᠠᠨ ᠲᠥᠪᠯᠡᠷᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠬᠥᠳᠡᠯᠮᠦᠷᠢ ᠬᠢᠭᠰᠡᠳ ᠲᠤ ᠪᠤᠴᠠᠭᠠᠨ ᠳᠠᠭᠠᠭᠠᠴᠢᠯᠠᠭᠤᠯᠵᠤ᠂ ᠡᠪᠦᠯ ᠤᠨ ᠠᠮᠠᠷᠠᠯᠲᠠ ᠳᠤ ᠨᠤᠲᠤᠭ ᠲᠠᠭᠠᠨ ᠪᠤᠴᠠᠭᠰᠠᠨ ᠪᠤᠭᠤᠲᠤ ᠨᠤᠲᠤᠭ ᠲᠠᠢ ᠰᠤᠷᠤᠭᠴᠢᠳ᠂ ᠢᠷᠡᠵᠦ ᠳᠠᠭᠠᠭᠠᠴᠢᠯᠠᠭᠤᠯᠬᠤ᠂ ᠦᠯᠡᠳᠡᠭᠡᠵᠦ ᠳᠠᠭᠠᠭᠠᠴᠢᠯᠠᠭᠤᠯᠬᠤ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ᠂ ᠰᠤᠷᠭᠠᠭᠤᠯᠢ  ᠎ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠬᠠᠮᠲᠤᠯᠢᠭ ᠤᠳ ᠠᠵᠢᠯ ᠣᠯᠵᠤ ᠠᠵᠢᠯᠴᠢᠨ ᠬᠡᠷᠡᠭᠯᠡᠬᠦ ᠬᠥᠭᠦᠷᠭᠡ ᠶᠢ ᠨᠠᠷᠢᠯᠢᠭ ᠣᠨᠣᠴᠠᠲᠠᠢ ᠪᠠᠷ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠠᠵᠤ ᠠᠬᠤᠶᠢᠯᠠᠯ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ ᠶᠢᠨ ᠬᠤᠭᠤᠷᠣᠨᠳᠣᠬᠢ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠶᠢ ᠪᠦᠲᠦᠮᠵᠢᠲᠡᠶ ᠪᠡᠶᠡᠯᠡᠭᠦᠯᠵᠦ᠂ ᠬᠠᠮᠲᠤᠪᠠᠷ ᠠᠵᠢᠯ ᠡᠷᠢᠭᠰᠡᠳ ᠲᠤ ᠴᠢᠳᠠᠪᠤᠷᠢ ᠣᠯᠭᠤᠵᠤ᠂ ᠮᠠᠨ ᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠨᠠᠩ ᠴᠢᠨᠠᠷ ᠰᠠᠶᠢᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ + ᠳ᠋ᠸᠣ ᠶᠢᠨ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠡᠷᠭᠢᠯᠡᠵᠦ᠂ ᠠᠩᠬᠠᠨ ᠤ ᠠᠵᠢᠯᠲᠠᠨ ᠡᠯᠰᠡᠬᠦ ᠴᠤᠭᠯᠠᠭᠠᠨ ᠤ ᠰᠦᠯᠵᠢᠶᠡᠨ ᠠᠴᠠ ᠭᠠᠳᠠᠭᠤᠷ ᠲᠠᠯᠠᠪᠠᠶ ᠳᠤ ᠣᠷᠣᠭᠰᠠᠨ ᠬᠥᠮᠥᠨ ᠤ ᠲᠤᠭ᠎ᠠ 1276 ᠬᠥᠮᠥᠨ᠂ ᠠᠩᠬ᠎ᠠ ᠠᠯᠬᠤᠮ ᠤᠨ ᠰᠠᠨᠠᠯ ᠨᠢᠭᠡᠳᠦᠭᠰᠡᠨ 636 ᠬᠥᠮᠥᠨ ᠳᠤ ᠬᠦᠷᠴᠦ᠂ ᠰᠢᠭᠤᠳ ᠨᠡᠪᠳᠡᠷᠡᠭᠦᠯᠭᠡ ᠪᠠᠷ  ᠠᠵᠢᠯ ᠤᠨ ᠪᠠᠶᠢᠷᠢ ᠳᠠᠭᠠᠭᠤᠯᠤᠨ ᠦᠵᠡᠭᠰᠡᠨ ᠬᠥᠮᠥᠨ ᠤ ᠲᠤᠭ᠎ᠠ 3.6 ᠲᠦᠮᠡᠨ ᠬᠥᠮᠥᠨ ᠳᠤ ᠬᠦᠷᠴᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号