17 ᠠᠵᠤ ᠠᠬᠤᠶᠢᠯᠠᠯ ᠢ ᠠᠮᠵᠢᠯᠲᠠ ᠲᠠᠢ ᠪᠠᠷ ᠦᠨᠡᠯᠡᠨ ᠲᠣᠭᠲᠠᠭᠠᠵᠤ᠂ ᠪᠥᠬᠦ ᠬᠤᠲᠠ ᠶᠢᠨ 35%᠎ ᠶᠢ ᠡᠵᠡᠯᠡᠪᠡ
ᠨᠡᠶᠢᠲᠡᠯᠡᠭᠰᠡᠨ ᠴᠠᠭ᠄
2024/2/27
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠨ ᠲᠠᠢ ᠤᠮᠠᠷᠠᠲᠤ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠥᠪ ᠵᠡᠷᠭᠡ 17 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ︵ᠳᠣᠷᠣᠭᠰᠢ ︽ᠰᠤᠳᠤᠯᠤᠨ ᠨᠡᠭᠡᠭᠡᠬᠦ ᠲᠥᠪ︾ ᠭᠡᠵᠦ ᠲᠣᠪᠴᠢᠯᠠᠨ᠎ᠠ︶᠎ ᠢ ᠠᠮᠵᠢᠯᠲᠠ ᠲᠠᠢ ᠪᠠᠷ ᠦᠨᠡᠯᠡᠨ ᠲᠣᠭᠲᠠᠭᠠᠵᠤ᠂ ᠪᠥᠬᠦ ᠬᠤᠲᠠ ᠶᠢᠨ ᠲᠤᠬᠠᠢ ᠶᠢᠨ ᠵᠢᠯ ᠳᠤ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠠᠵᠤ ᠠᠬᠤᠶᠢᠯᠠᠯ ᠤᠨ 35%᠎ ᠶᠢ ᠡᠵᠡᠯᠡᠪᠡ᠃     ᠣᠲᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠨᠡᠶᠢᠲᠡ 98 ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠲᠠᠪᠴᠠᠩ ᠤᠨ ᠶᠡᠷᠦᠩᠬᠡᠢ ᠲᠣᠭᠠᠨ ᠤ 53%᠎ ᠨᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠳᠤ ᠬᠠᠨᠳᠤᠭᠤᠯᠤᠨ ᠰᠤᠳᠤᠯᠤᠨ ᠨᠡᠭᠡᠭᠡᠬᠦ ᠲᠥᠪ ᠤᠨ ᠲᠥᠷᠥᠯ ᠵᠦᠢᠯ ᠤᠨ ᠮᠡᠳᠡᠭᠦᠯᠦᠯᠲᠡ ᠶᠢ ᠢᠯᠡ ᠪᠠᠷ ᠵᠣᠬᠢᠶᠠᠨ ᠪᠠᠶᠢᠭᠤᠯᠵᠤ᠂ ᠰᠤᠳᠤᠯᠤᠨ ᠨᠡᠭᠡᠭᠡᠬᠦ ᠲᠥᠪ ᠤᠨ ᠲᠠᠰ ᠳᠡᠪᠰᠢᠭᠦᠯᠦᠨ ᠪᠣᠶᠢᠵᠢᠭᠤᠯᠬᠤ ᠬᠥᠮᠥᠷᠭᠡ ᠳᠠᠬᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠠᠶᠢᠴᠢᠯᠠᠨ ᠬᠠᠪᠰᠤᠷᠤᠨ ᠵᠢᠯᠤᠭᠤᠳᠴᠤ᠂ ᠠᠵᠤ ᠠᠬᠤᠶᠢᠯᠠᠯ ᠤᠨ ᠮᠠᠲ᠋ᠧᠷᠢᠶᠠᠯ ᠨᠠᠶᠢᠷᠠᠭᠤᠯᠤᠨ ᠪᠢᠴᠢᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠳᠤ ᠬᠠᠷᠢᠭᠤᠯᠲᠠ ᠥᠭᠴᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠥᠪᠯᠡᠷᠡᠭᠦᠯᠦᠨ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢ ᠪᠡᠶᠡᠯᠡᠭᠦᠯᠵᠦ᠂ 19 ᠠᠵᠤ ᠠᠬᠤᠶᠢᠯᠠᠯ ᠢ ᠲᠠᠨᠢᠯᠴᠠᠭᠤᠯᠵᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ ᠮᠡᠳᠡᠭᠦᠯᠪᠠ᠃     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠢᠨᠠᠨ ᠲᠣᠭᠲᠠᠭᠠᠬᠤ ᠶᠠᠪᠤᠴᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠭᠤᠶᠤᠴᠢᠯᠠᠨ ᠮᠡᠳᠡᠭᠦᠯᠦᠭᠰᠡᠨ ᠡᠯᠧᠺᠲᠷᠣᠨ ᠮᠠᠲ᠋ᠧᠷᠢᠶᠠᠯ ᠳᠤ ᠮᠡᠷᠭᠡᠵᠢᠯ ᠤᠨ ᠰᠠᠭᠠᠳ ᠭᠠᠷᠤᠭᠰᠠᠨ ᠠᠵᠤ ᠠᠬᠤᠶᠢᠯᠠᠯ ᠢ ᠬᠠᠮᠤᠭ ᠤᠨ ᠲᠡᠷᠢᠭᠦᠨ ᠳᠤ ᠨᠥᠬᠦᠪᠦᠷᠢᠯᠡᠨ ᠲᠡᠭᠦᠯᠳᠡᠷᠵᠢᠭᠦᠯᠬᠦ ᠶᠢᠨ ᠬᠠᠮᠲᠤ ᠳᠡᠭᠡᠭᠰᠢ ᠳᠠᠮᠵᠢᠭᠤᠯᠵᠤ᠂ ᠠᠵᠤ ᠠᠬᠤᠶᠢᠯᠠᠯ ᠤᠨ ᠬᠢᠨᠠᠨ ᠲᠣᠭᠲᠠᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠲᠠᠪᠴᠠᠩ ᠤᠨ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠳᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠣᠬᠢᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ ᠡᠮᠬᠢᠯᠡᠨ ᠳᠢᠭᠯᠡᠵᠦ ᠪᠣᠶᠢᠵᠢᠭᠤᠯᠬᠤ ᠡᠲᠡᠭᠡᠳ ᠢᠶᠠᠨ ᠪᠣᠯᠭᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠶᠠᠰᠤ ᠴᠢᠨᠠᠷ ᠤᠨ ᠬᠤᠣᠰ ᠲᠡᠭᠡᠭᠰᠢᠯᠡᠯᠳᠡ ᠶᠢ ᠪᠠᠶᠡᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号