ᠬᠠᠪᠤᠷ ᠤᠨ ᠣᠷᠢᠨ ᠳᠤ ᠲᠦᠮᠡᠨ ᠡᠬᠢᠯᠡᠯᠲᠡ ᠶᠢ ᠠᠮᠵᠢᠭᠤᠯᠵᠣ᠂ ᠴᠢᠳᠠᠪᠤᠷᠢᠲᠠᠨ ᠢ ᠦᠯᠡᠳᠡᠭᠡᠵᠦ ᠠᠵᠢᠯᠴᠢᠨ | ᠡᠯᠰᠡᠬᠦ ᠪᠠᠨ ᠶᠡᠷᠣ ᠨᠢ ᠵᠣᠭᠰᠣᠯ ᠦᠭᠡᠢ᠃ ᠯᠣᠣ ᠵᠢᠯ ᠤᠨ ᠡᠬᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ︽2024 ᠣᠨ ᠤ | ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠲᠤᠰᠬᠠᠢ ᠠᠵᠢᠯ ᠢ ᠪᠥᠬᠦ ᠲᠠᠯ᠎ᠠ ᠪᠠᠷ ᠲᠣᠭᠤᠰᠢᠯᠠᠭᠤᠯᠵᠣ᠂ ᠪᠥᠬᠦ | ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯᠴᠢᠨ ᠬᠡᠷᠡᠭᠯᠡᠬᠦ ᠶᠢ ᠪᠠᠲᠤᠯᠠᠨ᠂ | ᠬᠥᠭᠵᠢᠯᠲᠡ ᠶᠢ ᠠᠬᠢᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ | ᠲᠦᠮᠡᠨ ᠤ ᠠᠵᠢᠯ ᠤᠨ ᠬᠡᠯᠲᠡᠰ ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠳᠠᠪᠤᠷᠢᠲᠠᠨ ᠤ | ᠦᠢᠯᠡᠴᠢᠯᠡᠭᠡᠨ ᠤ ᠲᠥᠪ ᠲᠠᠢ ᠬᠠᠮᠲᠤᠷᠠᠨ ᠴᠠᠭᠠᠨ ᠰᠠᠷ᠎ᠠ ᠶᠢᠨ ᠰᠢᠨ᠎ᠡ ᠶᠢᠨ ᠶᠢᠰᠦᠨ ᠳᠤ ᠵᠠᠯᠭᠠᠭ᠎ᠠ ᠪᠠᠷ 3 ᠡᠳᠦᠷ ︵ | 2 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ︶ ︽2024 ᠣᠨ ᠤ ︿ᠬᠠᠪᠤᠷ ᠤᠨ ᠰᠠᠯᠬᠢᠨ ᠤ | ᠠᠵᠢᠯᠯᠠᠭ᠎ᠠ﹀ ᠶᠢᠨ ᠡᠬᠢᠯᠡᠯᠲᠡ ᠶᠢᠨ ᠶᠣᠰᠣᠯᠠᠯ ᠵᠢᠴᠢ ᠴᠢᠳᠠᠪᠤᠷᠢᠲᠠᠨ ᠤ ᠠᠵᠢᠯ ᠣᠯᠭᠤᠯᠲᠠ ᠶᠢᠨ ᠲᠤᠰᠬᠠᠢ ᠠᠵᠢᠯᠲᠠᠨ | ᠡᠯᠰᠡᠬᠦ ᠴᠤᠭᠯᠠᠭᠠᠨ︾ ᠢ ᠵᠣᠬᠢᠶᠠᠨ ᠪᠠᠶᠢᠭᠤᠯᠪᠠ᠃ | 2 ᠰᠠᠷ᠎ᠠ ᠶᠢᠨ 18 ᠤ ᠡᠳᠦᠷ᠂ ᠯᠣᠣ ᠵᠢᠯ ᠤᠨ ᠠᠩᠬᠠᠨ ᠤ ᠠᠵᠢᠯᠲᠠᠨ ᠡᠯᠰᠡᠬᠦ ᠴᠤᠭᠯᠠᠭᠠᠨ ᠪᠣᠯᠵᠤᠭ᠎ᠠ | ᠶᠣᠰᠣᠭᠠᠷ ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠳᠠᠪᠤᠷᠢᠲᠠᠨ ᠤ ᠦᠢᠯᠡᠴᠢᠯᠡᠭᠡᠨ ᠤ ᠲᠥᠪ ᠤᠨ | ᠴᠢᠳᠠᠪᠤᠷᠢᠲᠠᠨ ᠤ ᠰᠣᠯᠢᠯᠴᠠᠭᠠᠨ ᠤ ᠲᠢᠩᠬᠢᠮ ᠤᠨ ᠭᠤᠷᠪᠠᠳᠤᠭᠠᠷ ᠳᠠᠪᠬᠤᠷᠯᠢᠭ ᠲᠤ ᠵᠢᠩᠬᠢᠨᠢ ᠪᠠᠷ ᠡᠬᠢᠯᠡᠪᠡ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠤᠨ | ᠨᠤᠲᠤᠭ ᠲᠠᠭᠠᠨ ᠬᠠᠷᠢᠵᠤ ᠰᠢᠨᠡᠯᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠰᠢᠵᠢᠷ ᠠᠯᠲᠠᠨ | ᠵᠠᠪᠰᠢᠶᠠᠨ ᠢ ᠵᠠᠪᠳᠣᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ | ᠪᠠ ᠣᠯᠠᠨ ᠲᠦᠮᠡᠨ ᠤ ᠠᠵᠢᠯ ᠤᠨ ᠬᠡᠯᠲᠡᠰ ᠠᠴᠠ ᠪᠠᠶᠢᠷᠢᠯᠠᠭᠤᠯᠤᠯᠲᠠ ᠪᠠᠨ ᠤᠷᠢᠳᠴᠢᠯᠠᠨ ᠲᠥᠯᠥᠪᠯᠡᠵᠦ᠂ ᠪᠠᠶᠠᠷ ᠤᠨ | ᠡᠳᠦᠷ ᠠᠴᠠ ᠡᠮᠦᠨ᠎ᠡ ᠠᠵᠤ ᠠᠬᠤᠶᠢᠯᠠᠯ ᠢ ᠭᠦᠨᠵᠡᠭᠡᠢ ᠵᠣᠯᠭᠠᠭᠤᠯᠵᠤ᠂ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠣᠶᠢᠯᠠᠭᠠᠵᠤ᠂ ᠪᠤᠭᠤᠲᠤ ᠶᠢᠨ ᠴᠢᠳᠠᠪᠤᠷᠢᠲᠠᠨ ᠤ ᠰᠦᠯᠵᠢᠶ᠎ᠡ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠥᠷᠭᠡᠨ ᠢᠶᠠᠷ | ᠤᠬᠠᠭᠤᠯᠵᠤ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ᠂ ᠪᠤᠭᠤᠲᠤ | ᠬᠤᠲᠠ ᠶᠢᠨ ᠶᠢᠩᠰᠧ ᠣᠨᠴᠠ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ᠂ ᠳ᠋ᠦᠩ ᠹᠠᠩ ᠬᠦᠰᠡᠯ ᠤᠨ ᠪᠤᠭᠤᠲᠤ ᠶᠢᠨ ᠬᠤᠪᠣᠷ ᠰᠢᠷᠣᠢ ᠶᠢᠨ ᠬᠥᠩᠭᠡᠨ ᠴᠠᠭᠠᠨ ᠤ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠮᠠᠨ ᠤ ᠣᠷᠣᠨ ᠤ 82 ᠭᠤᠣᠯᠳᠠᠯᠭ᠎ᠠ ᠲᠠᠢ ᠴᠢᠨᠠᠷ ᠰᠠᠶᠢᠲᠠᠢ ᠠᠵᠤ | ᠠᠬᠤᠶᠢᠯᠠᠯ ᠢ ᠤᠷᠢᠵᠤ᠂ ᠨᠡᠶᠢᠲᠡ 3559 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠭᠠᠳᠠᠭᠠᠳᠤ ᠳᠤ ᠪᠠᠶᠢᠭ᠎ᠠ | ᠪᠤᠭᠤᠲᠤ ᠶᠢᠨ ᠬᠥᠮᠥᠰ ᠲᠤ ᠭᠤᠣᠯᠳᠠᠯᠭ᠎ᠠ ᠪᠠᠨ ᠲᠥᠪᠯᠡᠷᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ | ᠬᠥᠳᠡᠯᠮᠦᠷᠢ ᠬᠢᠭᠰᠡᠳ ᠲᠤ ᠪᠤᠴᠠᠭᠠᠨ ᠳᠠᠭᠠᠭᠠᠴᠢᠯᠠᠭᠤᠯᠵᠤ᠂ ᠡᠪᠦᠯ ᠤᠨ ᠠᠮᠠᠷᠠᠯᠲᠠ ᠳᠤ ᠨᠤᠲᠤᠭ ᠲᠠᠭᠠᠨ ᠪᠤᠴᠠᠭᠰᠠᠨ | ᠪᠤᠭᠤᠲᠤ ᠨᠤᠲᠤᠭ ᠲᠠᠢ ᠰᠤᠷᠤᠭᠴᠢᠳ᠂ ᠢᠷᠡᠵᠦ ᠳᠠᠭᠠᠭᠠᠴᠢᠯᠠᠭᠤᠯᠬᠤ᠂ ᠦᠯᠡᠳᠡᠭᠡᠵᠦ ᠳᠠᠭᠠᠭᠠᠴᠢᠯᠠᠭᠤᠯᠬᠤ | ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ᠂ ᠰᠤᠷᠭᠠᠭᠤᠯᠢ ᠠᠴᠠ ᠪᠠᠨ ᠰᠠᠯᠤᠭᠠᠳ ᠠᠵᠢᠯ | ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠬᠠᠮᠲᠤᠯᠢᠭ ᠤᠳ ᠠᠵᠢᠯ ᠣᠯᠵᠤ ᠠᠵᠢᠯᠴᠢᠨ ᠬᠡᠷᠡᠭᠯᠡᠬᠦ | ᠬᠥᠭᠦᠷᠭᠡ ᠶᠢ ᠨᠠᠷᠢᠯᠢᠭ ᠣᠨᠣᠴᠠᠲᠠᠢ ᠪᠠᠷ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ᠂ ᠠᠵᠤ ᠠᠬᠤᠶᠢᠯᠠᠯ ᠪᠠ ᠬᠥᠮᠥᠨ ᠤ ᠬᠦᠴᠦᠨ ᠤ ᠡᠬᠢ ᠪᠠᠶᠠᠯᠢᠭ ᠤᠨ | ᠺᠣᠮᠫᠠᠨᠢ ᠶᠢᠨ ᠬᠤᠭᠤᠷᠣᠨᠳᠣᠬᠢ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠶᠢ ᠪᠦᠲᠦᠮᠵᠢᠲᠡᠶ | ᠪᠡᠶᠡᠯᠡᠭᠦᠯᠵᠦ᠂ ᠬᠠᠮᠲᠤᠪᠠᠷ ᠠᠵᠢᠯ ᠡᠷᠢᠭᠰᠡᠳ ᠲᠤ ᠴᠢᠳᠠᠪᠤᠷᠢ ᠣᠯᠭᠤᠵᠤ᠂ ᠮᠠᠨ ᠤ ᠣᠷᠣᠨ ᠤ ᠭᠤᠣᠯᠳᠠᠯᠭ᠎ᠠ ᠲᠠᠢ | ᠠᠵᠤ ᠦᠢᠯᠡᠰ ᠤᠨ ᠬᠥᠭᠵᠢᠯᠲᠡ ᠳᠤ ᠨᠠᠩ ᠴᠢᠨᠠᠷ ᠰᠠᠶᠢᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ | ᠴᠤᠭᠯᠠᠭᠠᠨ + ᠳ᠋ᠸᠣ ᠶᠢᠨ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠡᠷᠭᠢᠯᠡᠵᠦ᠂ ᠠᠩᠬᠠᠨ ᠤ ᠠᠵᠢᠯᠲᠠᠨ ᠡᠯᠰᠡᠬᠦ | ᠴᠤᠭᠯᠠᠭᠠᠨ ᠤ ᠰᠦᠯᠵᠢᠶᠡᠨ ᠠᠴᠠ ᠭᠠᠳᠠᠭᠤᠷ ᠲᠠᠯᠠᠪᠠᠶ ᠳᠤ ᠣᠷᠣᠭᠰᠠᠨ ᠬᠥᠮᠥᠨ ᠤ ᠲᠤᠭ᠎ᠠ 1276 ᠬᠥᠮᠥᠨ᠂ | ᠠᠩᠬ᠎ᠠ ᠠᠯᠬᠤᠮ ᠤᠨ ᠰᠠᠨᠠᠯ ᠨᠢᠭᠡᠳᠦᠭᠰᠡᠨ 636 ᠬᠥᠮᠥᠨ ᠳᠤ ᠬᠦᠷᠴᠦ᠂ ᠰᠢᠭᠤᠳ ᠨᠡᠪᠳᠡᠷᠡᠭᠦᠯᠭᠡ ᠪᠠᠷ | ᠠᠵᠢᠯ ᠤᠨ ᠪᠠᠶᠢᠷᠢ ᠳᠠᠭᠠᠭᠤᠯᠤᠨ ᠦᠵᠡᠭᠰᠡᠨ ᠬᠥᠮᠥᠨ ᠤ ᠲᠤᠭ᠎ᠠ 3.6 ᠲᠦᠮᠡᠨ ᠬᠥᠮᠥᠨ ᠳᠤ ᠬᠦᠷᠴᠡᠢ᠃ |