ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ | ᠣᠶᠢᠯᠠᠭᠠᠭᠰᠠᠨ ᠢᠶᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠨ ᠲᠠᠢ ᠤᠮᠠᠷᠠᠲᠤ ᠶᠢᠨ | ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠥᠪ ᠵᠡᠷᠭᠡ 17 ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ︵ᠳᠣᠷᠣᠭᠰᠢ ︽ᠰᠤᠳᠤᠯᠤᠨ ᠨᠡᠭᠡᠭᠡᠬᠦ ᠲᠥᠪ︾ ᠭᠡᠵᠦ ᠲᠣᠪᠴᠢᠯᠠᠨ᠎ᠠ︶ ᠢ | ᠠᠮᠵᠢᠯᠲᠠ ᠲᠠᠢ ᠪᠠᠷ ᠦᠨᠡᠯᠡᠨ ᠲᠣᠭᠲᠠᠭᠠᠵᠤ᠂ ᠪᠥᠬᠦ ᠬᠤᠲᠠ ᠶᠢᠨ ᠲᠤᠬᠠᠢ ᠶᠢᠨ ᠵᠢᠯ ᠳᠤ ᠳᠠᠩᠰᠠᠯᠠᠭᠤᠯᠤᠭᠰᠠᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠠᠵᠤ ᠠᠬᠤᠶᠢᠯᠠᠯ ᠤᠨ | 35% ᠶᠢ ᠡᠵᠡᠯᠡᠪᠡ᠃ | ᠣᠲᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠨᠡᠶᠢᠲᠡ 98 ᠪᠠᠶᠢᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠲᠠᠪᠴᠠᠩ ᠤᠨ ᠶᠡᠷᠦᠩᠬᠡᠢ ᠲᠣᠭᠠᠨ ᠤ | 53% ᠨᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠴᠢᠳᠠᠪᠤᠷᠢ ᠤᠯᠠᠮ ᠨᠢᠭᠡ ᠠᠯᠬᠤᠮ | ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠬᠠᠷᠢᠶ᠎ᠠ | ᠣᠷᠣᠨ ᠤ ᠳᠣᠲᠣᠷᠠᠬᠢ ᠠᠵᠤ ᠠᠬᠤᠶᠢᠯᠠᠯ ᠳᠤ ᠬᠠᠨᠳᠤᠭᠤᠯᠤᠨ ᠰᠤᠳᠤᠯᠤᠨ ᠨᠡᠭᠡᠭᠡᠬᠦ ᠲᠥᠪ ᠤᠨ ᠲᠥᠷᠥᠯ ᠵᠦᠢᠯ ᠤᠨ | ᠮᠡᠳᠡᠭᠦᠯᠦᠯᠲᠡ ᠶᠢ ᠢᠯᠡ ᠪᠠᠷ ᠵᠣᠬᠢᠶᠠᠨ ᠪᠠᠶᠢᠭᠤᠯᠵᠤ᠂ ᠰᠤᠳᠤᠯᠤᠨ ᠨᠡᠭᠡᠭᠡᠬᠦ ᠲᠥᠪ ᠤᠨ ᠲᠠᠰ ᠳᠡᠪᠰᠢᠭᠦᠯᠦᠨ | ᠪᠣᠶᠢᠵᠢᠭᠤᠯᠬᠤ ᠬᠥᠮᠥᠷᠭᠡ ᠳᠠᠬᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠠᠶᠢᠴᠢᠯᠠᠨ ᠬᠠᠪᠰᠤᠷᠤᠨ ᠵᠢᠯᠤᠭᠤᠳᠴᠤ᠂ | ᠠᠵᠤ ᠠᠬᠤᠶᠢᠯᠠᠯ ᠤᠨ ᠮᠠᠲ᠋ᠧᠷᠢᠶᠠᠯ ᠨᠠᠶᠢᠷᠠᠭᠤᠯᠤᠨ ᠪᠢᠴᠢᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠳᠤ | ᠬᠠᠷᠢᠭᠤᠯᠲᠠ ᠥᠭᠴᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ | ᠲᠣᠭᠲᠠᠭᠠᠯ ᠢ ᠴᠢᠩᠭ᠎ᠠ ᠵᠢᠷᠤᠮᠯᠠᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠥᠪᠯᠡᠷᠡᠭᠦᠯᠦᠨ ᠬᠢᠨᠠᠨ ᠲᠣᠭᠲᠠᠭᠠᠬᠤ ᠵᠡᠷᠭᠡ | ᠲᠠᠰ ᠳᠠᠷᠠᠭᠠᠯᠠᠯ ᠢ ᠪᠡᠶᠡᠯᠡᠭᠦᠯᠵᠦ᠂ 19 ᠠᠵᠤ ᠠᠬᠤᠶᠢᠯᠠᠯ ᠢ ᠲᠠᠨᠢᠯᠴᠠᠭᠤᠯᠵᠤ ᠥᠪᠡᠷᠲᠡᠭᠡᠨ ᠵᠠᠰᠠᠬᠤ ᠣᠷᠣᠨ ᠤ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ ᠮᠡᠳᠡᠭᠦᠯᠪᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠢᠨᠠᠨ ᠲᠣᠭᠲᠠᠭᠠᠬᠤ | ᠶᠠᠪᠤᠴᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠢᠳᠡᠪᠬᠢᠲᠡᠢ ᠪᠠᠷ | ᠨᠡᠪᠲᠡᠷᠡᠯᠴᠡᠨ ᠵᠣᠬᠢᠴᠠᠭᠤᠯᠵᠤ᠂ ᠭᠤᠶᠤᠴᠢᠯᠠᠨ ᠮᠡᠳᠡᠭᠦᠯᠦᠭᠰᠡᠨ ᠡᠯᠧᠺᠲᠷᠣᠨ ᠮᠠᠲ᠋ᠧᠷᠢᠶᠠᠯ ᠳᠤ ᠮᠡᠷᠭᠡᠵᠢᠯ ᠤᠨ ᠰᠠᠭᠠᠳ | ᠭᠠᠷᠤᠭᠰᠠᠨ ᠠᠵᠤ ᠠᠬᠤᠶᠢᠯᠠᠯ ᠢ ᠬᠠᠮᠤᠭ ᠤᠨ ᠲᠡᠷᠢᠭᠦᠨ ᠳᠤ ᠨᠥᠬᠦᠪᠦᠷᠢᠯᠡᠨ ᠲᠡᠭᠦᠯᠳᠡᠷᠵᠢᠭᠦᠯᠬᠦ ᠶᠢᠨ ᠬᠠᠮᠲᠤ ᠳᠡᠭᠡᠭᠰᠢ | ᠳᠠᠮᠵᠢᠭᠤᠯᠵᠤ᠂ ᠠᠵᠤ ᠠᠬᠤᠶᠢᠯᠠᠯ ᠤᠨ ᠬᠢᠨᠠᠨ ᠲᠣᠭᠲᠠᠭᠠᠯᠲᠠ ᠶᠢ ᠤᠷᠤᠭᠰᠢᠲᠠᠢ ᠥᠩᠭᠡᠷᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠲᠠᠪᠴᠠᠩ ᠤᠨ ᠭᠤᠶᠤᠴᠢᠯᠠᠨ ᠮᠡᠳᠡᠭᠦᠯᠬᠦ | ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠰᠤᠳᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠣᠬᠢᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠤ ᠠᠬᠤᠶᠢᠯᠠᠯ ᠢ ᠡᠮᠬᠢᠯᠡᠨ ᠳᠢᠭᠯᠡᠵᠦ ᠪᠣᠶᠢᠵᠢᠭᠤᠯᠬᠤ ᠡᠲᠡᠭᠡᠳ ᠢᠶᠠᠨ ᠪᠣᠯᠭᠠᠵᠤ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ | ᠪᠠᠶᠢᠭᠤᠯᠤᠯᠲᠠ ᠶᠢᠨ ᠲᠤᠭ᠎ᠠ ᠬᠡᠮᠵᠢᠶ᠎ᠡ ᠶᠠᠰᠤ ᠴᠢᠨᠠᠷ ᠤᠨ ᠬᠤᠣᠰ ᠲᠡᠭᠡᠭᠰᠢᠯᠡᠯᠳᠡ ᠶᠢ ᠪᠠᠶᠡᠯᠡᠭᠦᠯᠦᠨ᠎ᠡ᠃ |