ᠤᠯᠠᠭᠠᠨ ᠲᠤᠭ ᠨᠡᠶᠢᠭᠡᠮ ᠲᠣᠭᠤᠷᠢᠭ ︽ᠴᠠᠭᠠᠨ ᠰᠠᠷ᠎ᠠ ᠶᠢ ᠣᠭᠳᠣᠨ ᠵᠦᠩᠨᠡᠯ ᠳᠡᠪᠰᠢᠭᠦᠯᠵᠦ ᠬᠤᠣᠰ ᠤᠶᠠᠩᠭ᠎ᠠ ᠶᠢ ᠲᠦᠮᠡᠨ ᠡᠷᠦᠬᠡ ᠳᠤ ᠬᠦᠷᠭᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/6
    ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠠᠷᠢᠭᠤᠨ ᠴᠢᠬᠡᠴᠢ ᠰᠣᠶᠣᠯ ᠢ ᠪᠠᠳᠠᠷᠠᠭᠤᠯᠵᠤ ᠂ ᠠᠷᠢᠭᠤᠨ ᠴᠢᠬᠡᠴᠢ ᠲᠥᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 29 ᠎ ᠤ ᠡᠳᠦᠷ᠂ ᠤᠯᠠᠭᠠᠨ ᠲᠤᠭ ᠨᠡᠶᠢᠭᠡᠮ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠰᠢᠨ᠎ᠡ ᠪᠠᠶᠢᠳᠠᠯ ᠢ ᠨᠡᠭᠡᠭᠡᠭᠰᠡᠨ᠂ ᠪᠦᠲᠦᠭᠡᠯᠴᠢ ᠰᠡᠳᠬᠢᠮᠵᠢ ᠪᠠᠷ ᠪᠠᠶᠠᠯᠢᠭ ᠮᠠᠨ ᠤ ᠪᠠᠶᠠᠷ ᠤᠨ ᠡᠳᠦᠷ· —— ᠴᠠᠭᠠᠨ ᠰᠠᠷ᠎ᠠ ︽ᠴᠠᠭᠠᠨ ᠰᠠᠷ᠎ᠠ ᠶᠢ ᠣᠭᠳᠣᠨ ᠵᠦᠩᠨᠡᠯ ᠳᠡᠪᠰᠢᠭᠦᠯᠵᠦ ᠬᠤᠣᠰ ᠤᠶᠠᠩᠭ᠎ᠠ ᠶᠢ ᠲᠦᠮᠡᠨ ᠡᠷᠦᠬᠡ ᠳᠤ ᠬᠦᠷᠭᠡᠶ᠎ᠡ ︾ ᠭᠡᠬᠦ ᠬᠤᠣᠰ ᠤᠶᠠᠩᠭ᠎ᠠ ᠪᠢᠴᠢᠵᠦ ᠵᠦᠩᠨᠡᠯ ᠲᠡᠪᠰᠢᠭᠦᠯᠭᠦ ᠠᠵᠢᠯᠯᠠᠭ᠎ᠠ ᠶᠢ ᠥᠷᠨᠢᠭᠦᠯᠵᠡᠢ᠃
   ᠠᠵᠢᠯᠯᠠᠭ᠎ᠠ ᠶᠢᠨ ᠲᠤᠬᠠᠢ ᠶᠢᠨ  ᠲᠠᠯᠠᠪᠠᠢ  ᠬᠦᠷ ᠬᠥᠭᠵᠢᠶᠡᠨ ᠢᠶᠠᠷ ᠪᠢᠯᠬᠠᠵᠣ ᠤᠷᠠᠨ ᠪᠢᠴᠢᠯᠭᠡ ᠳᠤ ᠪᠠᠭ᠋ᠠᠲᠠᠢ ᠬᠥᠮᠥᠰ ᠠᠯᠢ ᠡᠷᠲᠡ ᠠᠴᠠ ᠪᠡᠯᠡᠳᠭᠡᠯ ᠬᠢᠵᠡᠭᠡᠨ ᠰᠢᠷᠡᠭᠡᠨ ᠳᠤ ᠪᠢᠷ ᠴᠠᠭᠠᠰᠤ ᠳᠡᠪᠢᠰᠦᠨ ᠪᠢᠷ ᠪᠡᠭᠡ ᠪᠠᠨ ᠬᠤᠷᠤᠶᠢᠯᠵᠠᠭᠤᠯᠵᠤ᠂ ᠰᠡᠳᠬᠢᠯ ᠳᠣᠭᠳᠣᠯᠤᠨ ᠪᠢᠴᠢᠭᠯᠡᠵᠦ᠂ ᠰᠢᠨ᠎ᠡ ᠵᠢᠯ ᠤᠨ ᠦᠨᠦᠷ ᠠᠮᠲᠠ ᠶᠢ ᠵᠢᠷᠤᠯᠭ᠎ᠠ ᠪᠦᠭᠦᠨ ᠎ ᠳᠤ ᠪᠠᠨ ᠠᠮᠢᠯᠠᠭᠤᠯᠪᠠ᠃ ︽ᠳᠥᠷᠪᠡᠨ ᠳᠠᠯᠠᠶ  ᠎ ᠶᠢᠨ ᠯᠣᠣ ᠳᠡᠭᠳᠡᠨ ᠬᠠᠪᠤᠷ ᠤᠨ ᠦᠵᠡᠮᠵᠢ ᠦᠵᠡᠰᠬᠦᠯᠡᠩ ᠰᠠᠶᠢᠬᠠᠨ ᠂ ᠭᠤᠷᠪᠠᠨ ᠠᠷᠭ᠎ᠠ  ᠎ ᠶᠢᠨ ᠬᠡᠶᠢᠮᠣᠷᠢ  ᠎ ᠶᠢᠨ ᠬᠥᠭᠵᠢᠮ ᠤᠨ ᠴᠢᠪᠬᠠᠳᠠᠰᠤ ᠶᠢᠨ ᠤᠶᠠᠩᠭ᠎ᠠ ᠲᠤᠩᠭᠠᠯᠠᠭ︾ ︽ᠴᠠᠭᠠᠨ ᠰᠠᠷ᠎ᠠ  ᠎ ᠶᠢᠨ ᠴᠡᠴᠡᠭ ᠳᠡᠯᠭᠡᠷᠡᠨ ᠯᠣᠣ ᠬᠡᠶᠢᠮᠣᠷᠢᠳᠣ ᠲᠠᠩᠰᠤᠭ ᠰᠠᠷ᠎ᠠ  ᠎ ᠶᠢ ᠪᠡᠯᠭᠡᠯᠡᠨ᠎ᠡ︾ ︽ᠡᠶᠡᠳᠡᠨ ᠤ ᠡᠭᠦᠳᠡᠨ ᠳᠤ ᠵᠠᠭᠤᠨ ᠪᠤᠶᠠᠨ  ᠎ ᠢ ᠨᠡᠮᠡᠵᠦ ᠭᠡᠷ ᠬᠤᠲᠠᠯᠠᠭᠠᠷ ᠢᠶᠠᠷ ᠢᠶᠠᠨ ᠨᠠᠶᠢᠷᠠᠯᠳᠤᠨ ᠪᠠᠶᠠᠰᠴᠤ ᠮᠢᠩᠭᠠᠨ ᠥᠯᠵᠡᠢ ᠪᠡᠯᠭᠡ  ᠎ ᠶᠢ ᠪᠡᠯᠭᠡᠯᠡᠨ᠎ᠡ︾ ᠁ ᠤᠳᠠᠯ ᠦᠭᠡᠢ᠂ ᠪᠡᠭᠡ  ᠎ ᠶᠢᠨ ᠦᠨᠦᠷ ᠬᠠᠩᠬᠤᠯᠵᠤ᠂ ᠥᠯᠵᠡᠢ ᠪᠡᠯᠭᠡ  ᠎ ᠶᠢ ᠪᠡᠯᠭᠡᠳᠡᠭᠰᠡᠨ ᠴᠠᠭᠠᠨ ᠰᠠᠷ᠎ᠠ  ᠎ ᠶᠢᠨ ᠤᠶᠠᠩᠭ᠎ᠠ᠂ ᠠᠳᠠᠯᠢ ᠪᠤᠰᠤ ᠬᠡᠯᠪᠡᠷᠢ ᠪᠠᠶᠢᠳᠠᠯ᠂ ᠴᠤᠭ ᠰᠦᠯᠳᠡ ᠪᠠᠷ ᠪᠢᠯᠬᠠᠭᠰᠠᠨ ︽ᠪᠤᠶᠠᠨ︾ ᠦᠰᠦᠭ ᠤᠳ ᠴᠠᠭᠠᠰᠤᠨ ᠳᠡᠭᠡᠷ᠎ᠡ ᠪᠡᠯᠭᠡ ᠵᠦᠩᠨᠡᠯ ᠤᠨ ᠠᠶ᠎ᠠ ᠲᠠᠭᠤᠨ  ᠬᠠᠩᠬᠢᠨᠨᠠᠭᠤᠯᠣᠨ᠎ᠠ᠃
   ᠤᠷᠠᠨ ᠪᠢᠴᠢᠯᠭᠡ  ᠎ ᠶᠢᠨ ᠲᠤᠬᠠᠢ  ᠎ ᠶᠢᠨ ᠲᠠᠯᠠᠪᠠᠶ ᠳᠤ ᠪᠡᠭᠡ ᠶᠢᠨ ᠦᠨᠦᠷ᠂ ᠭᠠᠯ ᠤᠯᠠᠭᠠᠨ ᠬᠤᠣᠰ ᠤᠶᠠᠩᠭ᠎ᠠ ᠪᠠ ᠢᠨᠢᠶᠡᠮᠰᠦᠭ ᠴᠢᠷᠠᠢ ᠲᠣᠬᠠᠢ ᠶᠢᠨ ᠲᠠᠯᠠᠪᠠᠢ ᠶᠢ ᠪᠠᠶᠠᠷ ᠪᠠᠶᠠᠰᠬᠤᠯᠠᠩ ᠢᠶᠠᠷ ᠪᠢᠯᠬᠠᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠦᠭᠵᠢᠭᠡᠨ᠎ᠡ᠃ ᠰᠠᠭᠤᠭᠠᠯᠢ ᠠᠷᠠᠳ ᠪᠠᠶᠠᠷ ᠬᠦᠷ ᠲᠠᠢ ᠪᠠᠷ ᠥᠪᠡᠷ ᠤᠨ ︽ᠵᠠᠬᠢᠶᠠᠯᠠᠭᠰᠠᠨ︾ ᠬᠤᠣᠰ ᠤᠶᠠᠩᠭ᠎ᠠ ᠪᠠᠨ ᠠᠪᠴᠠᠭᠠᠨ᠎ᠠ᠃ ᠯᠧᠢ ᠠᠨᠢᠶ᠎ᠠ᠄ ︽ᠪᠠᠭᠰᠢ ᠨᠠᠷ ᠤᠨ ᠪᠢᠴᠢᠭᠰᠡᠨ ᠤᠷᠠᠨ ᠪᠢᠴᠢᠯᠭᠡ ᠦᠨᠡᠬᠡᠷ ᠰᠡᠳᠬᠢᠯ ᠵᠢᠷᠦᠬᠡ ᠶᠢ ᠪᠠᠶᠠᠰᠬᠠᠨ᠎ᠠ᠂ ᠡᠶᠢᠮᠦᠷᠬᠦᠦ ᠬᠤᠣᠰ ᠤᠶᠠᠩᠭ᠎ᠠ ᠨᠢ ᠭᠠᠳᠠᠨ᠎ᠠ ᠠᠴᠠ ᠬᠤᠳᠠᠯᠳᠤᠨ ᠠᠪᠤᠭᠰᠠᠨ ᠠᠴᠠ ᠨᠡᠩ ᠤᠳᠬ᠎ᠠ ᠠᠭᠤᠯᠭ᠎ᠠ ᠲᠠᠢ︾ ᠭᠡᠵᠦ ᠮᠠᠭᠲᠠᠨ ᠰᠠᠶᠢᠰᠢᠶᠠᠪᠠ᠃     ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ᠤᠨ ᠠᠵᠢᠯᠲᠠᠳ ᠪᠢᠴᠢᠭᠰᠡᠨ ᠬᠤᠣᠰ ᠤᠶᠠᠩᠭ᠎ᠠ ᠪᠣᠯᠣᠨ ᠪᠤᠶᠠᠨ ᠬᠡᠰᠢᠭ ᠤᠨ ᠦᠰᠦᠭ ᠢᠶᠠᠨ ᠬᠠᠷᠢᠶ᠎ᠠ ᠣᠷᠣᠨ ᠤ ᠪᠠᠨ ᠬᠤᠳᠠᠯᠳᠤᠭᠠᠴᠢᠳ ᠤᠨ ᠭᠠᠷ ᠲᠤ ᠬᠦᠷᠭᠡᠵᠦ᠂ ᠬᠦᠷ ᠬᠥᠭᠵᠢᠶᠡᠨ ᠲᠠᠢ ᠬᠤᠣᠰ ᠤᠶᠠᠩᠭ᠎ᠠ᠂ ᠭᠦᠨ ᠵᠤᠵᠠᠭᠠᠨ ᠵᠥᠩᠨᠡᠯ ᠢᠶᠠᠷ ᠤᠯᠠᠨ ᠳᠤ ᠴᠠᠭᠠᠨ ᠰᠠᠷ᠎ᠠ ᠶᠢᠨ ᠭᠦᠨ ᠵᠤᠵᠠᠭᠠᠨ ᠦᠨᠦᠷ ᠠᠮᠲᠠ ᠶᠢ ᠠᠮᠳᠠᠯᠠᠭᠤᠯᠪᠠ᠃
   ᠡᠨᠡ ᠤᠳᠠᠭ᠎ᠠ ᠶᠢᠨ ᠰᠢᠨ᠎ᠡ ᠵᠢᠯ ᠢ ᠤᠭᠲᠤᠵᠤ ᠵᠦᠩᠨᠡᠯ ᠬᠦᠷᠭᠡᠬᠦ ᠠᠵᠢᠯᠯᠠᠭ᠎ᠠ ᠨᠢ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠣᠰ ᠤᠶᠠᠩᠭ᠎ᠠ ᠨᠠᠭᠠᠬᠤ ᠠᠷᠠᠳ ᠤᠨ ᠵᠠᠩ ᠦᠢᠯᠡ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠰᠠᠭᠤᠭᠠᠯᠢ ᠠᠷᠠᠳ ᠲᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃ ᠬᠤᠶᠢᠰᠢᠳᠠ᠂ ᠤᠯᠠᠭᠠᠨ ᠲᠤᠭ ᠨᠡᠶᠢᠭᠡᠮ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠢᠯᠡᠴᠢᠯᠡᠭᠡᠨ ᠤ ᠠᠵᠢᠯᠯᠠᠭ᠎ᠠ ᠶᠢᠨ ᠰᠡᠳᠬᠢᠴᠡ ᠪᠠᠨ ᠦᠷᠭᠦᠯᠵᠢᠯᠡᠨ ᠴᠢᠷᠮᠠᠶᠢᠨ ᠥᠷᠭᠡᠳᠬᠡᠵᠦ᠂ ᠤᠯᠠᠨ ᠬᠡᠯᠪᠡᠷᠢ ᠵᠢ᠊ ‍ᠨ᠂ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠳᠠᠰᠤᠷᠠᠯᠳᠠ ᠦᠭᠡᠢ ᠪᠠᠶᠠᠯᠢᠵᠢᠭᠤᠯᠣᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ᠂ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃                           ︵ᠤᠯᠠᠭᠠᠨ ᠲᠤᠭ ᠨᠡᠶᠢᠭᠡᠮ ᠲᠣᠭᠤᠷᠢᠭ  ᠯᠢᠦ ᠯᠢ︶
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号