ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠠᠯ ᠰᠡᠷᠭᠡᠶᠢᠯᠡᠭᠦ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠠᠵᠢᠯᠯᠠᠭ᠎ᠠ ᠨᠢ 5 ᠠᠵᠤ ᠠᠬᠤᠶᠢᠯᠠᠯ ᠢ ᠵᠣᠭᠰᠣᠭᠠᠨ ᠪᠠᠶᠢᠴᠠᠭᠠᠨ ᠪᠢᠲᠡᠭᠦᠮᠵᠢᠯᠡᠪᠡ
ᠨᠡᠶᠢᠲᠡᠯᠡᠭᠰᠡᠨ ᠴᠠᠭ᠄
2024/2/6
    ᠣᠶᠢᠷ᠎ᠠ ᠶᠢᠨ ᠬᠤᠭᠤᠴᠠᠭᠠᠨ ᠤ ᠭᠠᠯ ᠤᠨ ᠭᠠᠮᠰᠢᠭ ᠤᠨ ᠠᠳᠡᠯ ᠤᠨ ᠰᠤᠷᠭᠠᠮᠵᠢ  ᠶᠢ ᠡᠯ᠎ᠡ ᠲᠥᠷᠥᠯ ᠤᠨ ᠭᠠᠯ ᠎ ᠤᠨ ᠠᠶᠤᠯ ᠤᠨ ᠡ᠊ᠨᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠯ᠎ᠡ ᠠᠵᠢᠯ ᠲᠥᠷᠥᠯ ᠤᠨ ᠬᠦᠷᠢᠶ᠎ᠡ᠂ ᠣᠷᠣᠨ ᠪᠦᠰᠡ ᠶᠢᠨ ᠬᠠᠮᠢᠶᠠᠷᠤᠯᠲᠠ ᠶᠢᠨ ᠨᠢᠭᠡᠴᠡ ᠨᠦᠭᠦᠳ ᠭᠠᠯ ᠤᠨ ᠠᠶᠣᠯ ᠢ ᠰᠡᠷᠭᠡᠶᠢᠯᠡᠭᠦ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠭᠠᠯ ᠤᠨ ᠠᠶᠤᠯ ᠤᠨ ᠲᠠᠯᠳᠠ ᠭᠡᠮ ᠢ ᠲᠥᠪᠯᠡᠷᠡᠭᠦᠯᠦᠨ ᠢᠯᠡᠴᠢᠯᠡᠬᠦ ᠠᠵᠢᠯᠯᠠᠭ᠎ᠠ ᠬᠢᠵᠦ᠂ ᠨᠢᠭᠡᠴᠡ ᠪᠣᠯᠣᠨ ᠭᠠᠵᠠᠷ ᠲᠠᠯᠠᠪᠤᠷ ᠤᠨ ᠣᠷᠣᠰᠢᠵᠣ ᠪᠠᠶᠢᠭ᠎ᠠ ᠠᠰᠠᠭᠤᠳᠠᠯ ᠢ ᠱᠠᠯᠠᠪᠳᠠᠨ  ᠰᠠᠶᠢᠵᠢᠷᠠᠭᠤᠯᠵᠤ᠂ ᠤᠯᠠᠨ ᠨᠡᠶᠢᠲᠡ ᠶᠢᠨ ᠭᠠᠯ ᠰᠡᠷᠭᠡᠶᠢᠯᠡᠭᠦ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠶᠢ ᠰᠡᠷᠡᠮᠵᠢᠯᠡᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠥᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠬᠤ ᠢ ᠠᠬᠢᠭᠤᠯᠵᠠᠢ᠃ 01   ᠨᠢᠭᠡᠴᠡ ᠶᠢᠨ ᠨᠡᠷᠡᠶᠢᠳᠦᠯ᠄ ᠼᠠᠢ ᡁᠢ ᠶᠦᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ   ᠬᠠᠶ᠋ᠢᠭ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠰᠤᠷᠭᠠᠭᠤᠯᠢ ᠶᠢᠨ ᠬᠦᠷᠢᠶ᠎ᠡ ᠵᠠᠮ ᠤᠨ 36 ᠨᠣᠮᠸᠠᠷ★ ᠣᠷᠣᠰᠢᠵᠤ ᠪᠠᠶᠢᠭ᠎ᠠ ᠠᠰᠠᠭᠤᠳᠠᠯ᠄   1. ᠲᠤᠰ ᠠᠵᠤ ᠠᠬᠤᠶᠢᠯᠠᠯ ᠤᠨ ᠡᠭᠦᠳᠡᠨ ᠳᠤ ᠡᠯᠭᠦᠭᠰᠡᠨ ᠫᠠᠶᠢᠰᠠ ᠢᠯᠡᠷᠬᠡᠶᠢᠯᠡᠯ ᠨᠢ ᠡᠵᠡᠩᠨᠡᠯᠲᠡ ᠶᠢᠨ ᠦᠨᠡᠮᠯᠡᠯ ᠤᠨ ᠳᠠᠩᠰᠠᠯᠠᠭᠤᠯᠤᠭᠰᠠᠨ ᠨᠡᠷᠡᠶᠢᠳᠦᠯ ᠤᠨ ᠳᠠᠩᠰᠠᠯᠠᠭᠤᠯᠤᠭᠰᠠᠨ ᠵᠦᠢᠯᠡᠰ ᠲᠠᠢ ᠨᠡᠶᠢᠴᠡᠬᠦ ᠦᠭᠡᠢ︔   2. ᠲᠤᠰ ᠨᠢᠭᠡᠴᠢ ᠶᠢᠨ ᠪᠠᠶᠢᠭ᠎ᠠ ᠲᠠᠯᠠᠪᠤᠷ ᠤᠨ ᠲᠠᠯᠠᠪᠠᠢ ᠨᠢ 300 ᠲᠡᠭᠰᠢ ᠳᠥᠷᠪᠡᠯᠵᠢᠨ ᠮᠧᠲᠷ ᠠᠴᠠ ᠬᠡᠳᠦᠷᠡᠭᠰᠡᠨ ᠪᠣᠯᠪᠠᠴᠣ ᠭᠡᠷ ᠳᠣᠲᠣᠷᠠᠬᠢ ᠭᠠᠯ ᠤᠨᠲᠠᠷᠠᠭᠠᠭᠤᠷ ᠲᠣᠬᠢᠷᠠᠭᠤᠯᠤᠭᠰᠠᠨ ᠦᠭᠡᠢ︔   3. ᠠᠶᠤᠯᠭᠦᠢ ᠭᠠᠷᠬᠤ ᠡᠭᠦᠳᠡ ᠶᠢ ᠪᠦᠭᠯᠡᠭᠰᠡᠨ︔   4. ᠴᠠᠬᠢᠯᠭᠠᠨ ᠣᠳᠠᠰᠣ  ᠲᠠᠳᠠᠭᠰᠠᠨ ᠨᠢ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ᠃ ★ᠰᠢᠢᠳᠪᠦᠷᠢᠯᠡᠬᠦ ᠠᠷᠭ᠎ᠠ ᠬᠡᠮᠵᠢᠶ᠎ᠡ᠄ ᠠᠵᠢᠯ ᠢ ᠨᠢ ᠵᠣᠭᠰᠣᠭᠠᠨ ᠱᠠᠭᠠᠷᠳᠠᠨ ᠴᠡᠭᠴᠡᠯᠡᠭᠦᠯᠬᠦ 02    ᠨᠢᠭᠡᠴᠡ ᠶᠢᠨ ᠨᠡᠷᠡᠶᠢᠳᠦᠯ᠄ ᠰᠢᠨ ᠲᠠᠢ ᠬᠡᠪᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ    ᠬᠠᠶ᠋ᠢᠭ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠵᠠᠮ ᠤᠨ ᠵᠡᠭᠡᠯᠢ ᠭᠤᠳᠤᠮᠵᠢ ᠶᠢᠨ ᠵᠣᠯ ᠵᠢᠷᠭᠠᠯ ᠡᠮᠦᠨ᠎ᠡ ᠵᠠᠮ ᠤᠨ ᠨᠠᠨ ᠺᠠᠢ ᠪᠠᠭ᠎ᠠ ᠰᠤᠷᠭᠠᠭᠤᠯᠢ ᠶᠢᠨ ᠪᠠᠷᠠᠭᠤᠨ ᠬᠡᠷᠡᠮ ᠤᠨ ᠭᠠᠳᠠᠨ᠎ᠠ ★ ᠣᠷᠣᠰᠢᠵᠤ ᠪᠠᠶᠢᠭ᠎ᠠ ᠠᠰᠠᠭᠤᠳᠠᠯ᠄    1. ᠪᠠᠷᠢᠯᠭ᠎ᠠ ᠶᠢᠨ ᠭᠤᠣᠯ ᠴᠣᠭᠴᠠ ᠨᠢ ᠬᠢᠷᠢ ᠲᠡᠩᠴᠡᠬᠦ ᠤᠶᠢᠭᠡᠢ ᠲᠣᠷ᠎ᠠ ᠪᠠᠷ ᠪᠠᠷᠢᠭᠰᠠᠨ ᠪᠠᠷᠢᠯᠭ᠎ᠠ︔    2. ᠤᠯᠠᠨ ᠵᠦᠢᠯ ᠢ ᠨᠢᠭᠡᠳᠬᠡᠨ ᠡᠵᠡᠩᠨᠡᠵᠣ ᠪᠠᠶᠢᠬᠤ︔    3. ᠭᠡᠷ ᠳᠣᠲᠣᠷ᠎ᠠ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠣ ᠪᠠᠶᠢᠬᠤ︔    4. ᠲᠣᠭᠲᠠᠭᠠᠯ  ᠎ ᠠᠴᠠ ᠵᠥᠷᠢᠴᠡᠨ ᠵᠢᠵᠢᠭ ᠨᠡᠷᠡᠨ ᠤ ᠬᠠᠯᠠᠭᠠᠭᠤᠷ  ᠎ ᠢ ᠬᠡᠷᠡᠭᠯᠡᠭᠰᠡᠨ︔    5. ᠭᠡᠷ ᠳᠣᠲᠣᠷᠠᠬᠢ ᠨᠣᠴᠣᠮᠠᠲᠠᠭᠠᠢ ᠶᠠᠭᠤᠮ᠎ᠠ ᠬᠡᠦᠮ᠎ᠡ ᠶᠢ ᠳᠤᠷ᠎ᠠ ᠪᠠᠷ ᠢᠶᠠᠨ ᠣᠪᠣᠭᠠᠯᠠᠵᠤ᠂ ᠭᠠᠯ ᠤᠨᠲᠠᠷᠠᠭᠠᠭᠤᠷ ᠤᠨ ᠲᠤᠭ᠎ᠠ ᠬᠡᠮᠵᠢᠶ᠎ᠡ ᠬᠦᠷᠦᠯᠴᠡᠬᠦ ᠦᠭᠡᠢ  ︔ᠰᠢᠢᠳᠪᠦᠷᠢᠯᠡᠬᠦ ᠠᠷᠭ᠎ᠠ ᠬᠡᠮᠵᠢᠶ᠎ᠡ᠄ ᠠᠵᠢᠯ ᠢ ᠨᠢ ᠵᠣᠭᠰᠣᠭᠠᠨ ᠱᠠᠭᠠᠷᠳᠠᠨ ᠴᠡᠭᠴᠡᠯᠡᠭᠦᠯᠬᠦ03    ᠨᠢᠭᠡᠴᠡ ᠶᠢᠨ ᠨᠡᠷᠡᠶᠢᠳᠦᠯ᠄ ᠬᠠᠶᠠᠭᠳᠠᠮᠠᠯ ᠡᠳ᠋ ᠢ ᠬᠤᠷᠢᠶᠠᠨ ᠠᠪᠬᠤ ᠥᠷᠲᠡᠭᠡ ᠨᠢᠭᠡ    ᠬᠠᠶ᠋ᠢᠭ᠄ ᠬᠦᠴᠦᠷᠬᠡᠭᠵᠢᠯ ᠵᠠᠮ ᠪᠣᠯᠣᠨ ᠴᠢᠩ ᠬᠥᠩ ᠵᠠᠮ ᠤᠨ ᠠᠭᠤᠯᠵᠠᠭᠤᠷ ᠤᠨ ᠵᠡᠭᠦᠨ ᠡᠮᠦᠨ᠎ᠡ ᠲᠠᠯ᠎ᠠ ★ ᠣᠷᠣᠰᠢᠵᠤ ᠪᠠᠶᠢᠭ᠎ᠠ ᠠᠰᠠᠭᠤᠳᠠᠯ᠄     ᠶᠡᠭᠡ ᠬᠡᠮᠵᠢᠶᠡᠨ ᠤ ᠨᠣᠴᠣᠮᠠᠲᠠᠭᠠᠢ ᠪᠣᠳᠠᠰ ᠢ ᠣᠪᠣᠭᠠᠯᠠᠨ ᠲᠠᠯᠪᠢᠭᠰᠠᠨ ᠠᠴᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ ★ ᠰᠢᠢᠳᠪᠦᠷᠢᠯᠡᠬᠦ ᠠᠷᠭ᠎ᠠ ᠬᠡᠮᠵᠢᠶ᠎ᠡ᠄ ᠬᠠᠤᠯᠢ ᠶᠣᠰᠣᠭᠠᠷ ᠬᠠᠭᠠᠵᠤ ᠵᠣᠭᠰᠤᠭᠠᠬᠤ 04     ᠨᠢᠭᠡᠴᠢ ᠶᠢᠨ ᠨᠡᠷᠡᠶᠢᠳᠦᠯ᠄ ᠬᠠᠶᠠᠭᠳᠠᠮᠠᠯ ᠡᠳ᠋ ᠢ ᠬᠤᠷᠢᠶᠠᠨ ᠠᠪᠬᠤ ᠦᠷᠲᠡᠭᠡ ᠬᠤᠶᠠᠷ     ᠬᠠᠶ᠋ᠢᠭ᠄ ᠬᠦᠴᠦᠷᠬᠡᠭᠵᠢᠯ ᠵᠠᠮ ᠪᠣᠯᠣᠨ ᠴᠢᠩ ᠬᠥᠩ ᠵᠠᠮ ᠤᠨ ᠠᠭᠤᠯᠵᠠᠭᠤᠷ ᠤᠨ ᠪᠠᠷᠠᠭᠤᠨ ᠡᠮᠦᠨ᠎ᠡ ᠲᠠᠯ᠎ᠠ ★ ᠣᠷᠣᠰᠢᠵᠤ ᠪᠠᠶᠢᠭ᠎ᠠ ᠠᠰᠠᠭᠤᠳᠠᠯ᠄ ᠶᠡᠭᠡ ᠬᠡᠮᠵᠢᠶᠡᠨ ᠤ ᠨᠣᠴᠣᠮᠠᠲᠠᠭᠠᠢ ᠪᠣᠳᠠᠰ ᠢ ᠣᠪᠣᠭᠠᠯᠠᠨ ᠲᠠᠯᠪᠢᠭᠰᠠᠨ ᠠᠴᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ ★ ᠰᠢᠢᠳᠪᠦᠷᠢᠯᠡᠬᠦ ᠠᠷᠭ᠎ᠠ ᠬᠡᠮᠵᠢᠶ᠎ᠡ᠄ ᠬᠠᠤᠯᠢ ᠶᠣᠰᠣᠭᠠᠷ ᠬᠠᠭᠠᠵᠤ ᠵᠣᠭᠰᠤᠭᠠᠬᠤ 05     ᠨᠢᠭᠡᠴᠡ ᠶᠢᠨ ᠨᠡᠷᠡᠶᠢᠳᠦᠯ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠷᠧᠨ ᠷᠦᠨ ᠲᠠᠩ ᠪᠡᠶ᠎ᠡ ᠰᠤᠪᠢᠯᠠᠯᠲᠠ ᠶᠢᠨ ᠣᠷᠳᠣᠨ     ᠬᠠᠶ᠋ᠢᠭ᠄ ᠬᠤᠪᠣᠷ ᠰᠢᠷᠣᠢ ᠶᠢᠨ ᠯᠠᠶᠢᠰᠧᠷ ᠺᠢᠨᠣ᠋ ᠶᠢᠨ ᠣᠷᠳᠣᠨ ᠤ 2 ᠳ᠋ᠤᠭᠠᠷ ᠠᠰᠠᠷ ★ ᠣᠷᠣᠰᠢᠵᠤ ᠪᠠᠶᠢᠭ᠎ᠠ ᠠᠰᠠᠭᠤᠳᠠᠯ᠄     1. ᠬᠤᠶᠠᠳᠤᠭᠠᠷ ᠠᠶᠤᠯᠭᠦᠢ ᠭᠠᠷᠬᠤ ᠡᠭᠦᠳᠡ ᠶᠢ ᠪᠦᠭᠯᠡᠭᠰᠡᠨ     2.  ᠣᠳᠣᠭᠠᠨ ᠰᠡᠷᠡᠯ ᠤᠨ ᠬᠠᠶᠢᠭᠤᠷ᠂ ᠰᠦᠷᠴᠢᠭᠦᠷ ᠤᠨ ᠲᠣᠯᠣᠭᠠᠢ ᠪᠣᠬᠢᠷᠲᠤᠭᠰᠠᠨ︔★ ᠰᠢᠢᠳᠪᠦᠷᠢᠯᠡᠬᠦ ᠠᠷᠭ᠎ᠠ ᠬᠡᠮᠵᠢᠶ᠎ᠡ᠄ ᠲᠦᠷ ᠴᠠᠭ ᠪᠠᠶᠢᠴᠠᠭᠠᠨ ᠪᠢᠲᠡᠭᠦᠮᠵᠢᠯᠡᠬᠦ    ᠠᠷᠠᠳ ᠢᠷᠭᠡᠳ ᠭᠠᠯ ᠢ ᠰᠡᠷᠭᠡᠶᠢᠯᠡᠭᠦ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠤᠯᠠᠨ ᠨᠡᠶᠢᠲᠡ ᠶᠢᠨ ᠲᠠᠯᠠᠪᠤᠷ ᠤᠨ ᠭᠠᠯ ᠢ ᠰᠡᠷᠭᠡᠶᠢᠯᠡᠭᠦ ᠠᠶᠤᠯᠭᠦᠢ ᠶᠢᠨ ᠬᠠᠮᠢᠶᠠᠷᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠭᠠᠯ ᠰᠡᠷᠭᠡᠶᠢᠯᠡᠭᠦ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠶᠢᠯᠠᠭᠠᠨ᠂ ᠢᠳᠡᠪᠬᠢᠲᠡᠢ ᠪᠠᠷ ᠵᠠᠭᠠᠯᠳᠤᠵᠤ ᠢᠯᠡᠴᠢᠯᠡᠨ ᠮᠡᠳᠡᠭᠦᠯᠬᠦ ᠬᠡᠷᠡᠭᠲᠡᠢ᠃     ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ᠄                     0472-5210119                     0472-5255699
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号