2024 ᠣᠨ ᠤ ᠴᠠᠭᠠᠨ ᠰᠠᠷ᠎ᠠ ᠶᠢᠨ ᠠᠮᠠᠷᠠᠯᠲᠠ ᠲᠠᠯᠪᠢᠬᠤ ᠲᠤᠬᠠᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠯᠪᠠᠨ ᠵᠠᠷ
ᠨᠡᠶᠢᠲᠡᠯᠡᠭᠰᠡᠨ ᠴᠠᠭ᠄
2024/2/6
      ᠴᠠᠭᠠᠨ ᠰᠠᠷ᠎ᠠ ᠶᠢᠨ ᠠᠮᠠᠷᠠᠯᠲᠠ ᠶᠢᠨ ᠮᠡᠳᠡᠭᠳᠡᠯ ᠡᠷᠬᠢᠮ ᠬᠦᠨᠳᠦᠲᠦ ᠥᠷᠭᠡᠨ ᠤᠯᠠᠨ ᠬᠤᠳᠠ ᠶᠢᠨ ᠠᠷᠠᠳ᠂ ᠨᠠᠶᠢᠵᠨ ᠨᠠᠷ ᠵᠢᠴᠢ ᠠᠵᠢᠯ ᠡᠷᠬᠢᠯᠡᠵᠤ ᠪᠠᠶᠢᠭ᠎ᠠ ᠠᠵᠤ ᠠᠬᠤᠶᠢᠯᠠᠯ ᠪᠣᠯᠣᠨ ᠤᠯᠠᠨ ᠲᠦᠮᠡᠨ ᠳᠤ᠄    ︽2024 ᠣᠨ ᠤ ᠬᠡᠰᠡᠭ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢᠨ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ 2 ᠰᠠᠷ᠎ᠠ ᠶᠢᠨ 10᠎ ᠤ ᠡᠳᠦᠷ ︵ᠭᠠᠷᠠᠭ ᠤᠨ ᠵᠢᠷᠭᠤᠭᠠᠨ᠂ ᠰᠢᠨ᠎ᠡ ᠶᠢᠨ ᠨᠢᠭᠡᠨ︶᠎ ᠠᠴᠠ 2 ᠰᠠᠷ᠎ᠠ ᠶᠢᠨ 17᠎ ᠤ ᠡᠳᠦᠷ ︵ᠭᠠᠷᠠᠭ ᠤᠨ ᠵᠢᠷᠭᠤᠭᠠᠨ᠂ ᠰᠢᠨ᠎ᠡ ᠶᠢᠨ ᠨᠠᠢᠮᠠᠨ︶ ᠪᠣᠯᠲᠠᠯ᠎ᠠ ᠨᠡᠶᠢᠲᠡ 8 ᠡᠳᠦᠷ ᠠᠮᠠᠷᠠᠨ᠎ᠠ᠃ 2 ᠰᠠᠷ᠎ᠠ ᠶᠢᠨ 4᠎ ᠤ ᠡᠳᠦᠷ ︵ᠭᠠᠷᠠᠭ ᠤᠨ ᠡᠳᠦᠷ︶᠂ 2 ᠰᠠᠷ᠎ᠠ ᠶᠢᠨ 18᠎ ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃ ᠠᠮᠠᠷᠠᠯᠲᠠ  ᠎ ᠶᠢᠨ ᠬᠤᠭᠤᠴᠠᠭᠠᠨ ᠳᠤ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ  ᠎ ᠢ ᠲᠦᠷ ᠵᠣᠭᠰᠣᠭᠠᠨ᠎ᠠ᠂ ᠥᠷᠭᠡᠨ ᠣᠯᠠᠨ ᠬᠤᠲᠠ  ᠎ ᠶᠢᠨ ᠠᠷᠠᠳ ᠣᠯᠠᠨ ᠳᠤ ᠮᠡᠳᠡᠭᠦᠯᠵᠦ᠂ ᠬᠡᠷᠡᠭ ᠤᠴᠢᠷ ᠰᠢᠢᠳᠪᠦᠷᠢᠯᠡᠬᠦ ᠴᠠᠭ ᠢᠶᠠᠨ ᠵᠦᠢ ᠵᠣᠬᠢᠰᠲᠠᠢ ᠲᠣᠬᠢᠷᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠮᠤᠷ ᠲᠦᠪᠰᠢᠨ  ᠎ ᠢ ᠠᠩᠬᠠᠷᠴᠤ᠂ ᠪᠠᠶᠠᠷ ᠬᠥᠷ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠮᠠᠷᠠᠯᠲᠠ  ᠎ ᠶᠢ ᠥᠩᠭᠡᠷᠡᠭᠦᠯᠬᠦ ᠶᠢ ᠬᠦᠰᠡᠶ᠎ᠡ᠃                      ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ                        ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ                                            2024 ᠣᠨ ᠤ 2 ᠰᠠᠷ᠎ᠠ ᠶᠢᠨ 1᠎ ᠤ ᠡᠳᠦᠷ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号