ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 7 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠪᠠᠶᠠᠷ ᠤᠨ ᠡᠳᠦᠷ ᠪᠤᠯᠬᠤ ᠬᠥᠬᠡ ᠯᠣᠣ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠨᠢᠭᠡ | ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢᠶᠠᠨ ᠬᠠᠮᠲᠤ ᠪᠠᠷ ᠤᠭᠲᠤᠪᠠ᠃ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ | ᠨᠠᠮ ᠪᠦᠯᠦᠭ ᠤᠨ ᠪᠤᠰᠤ ᠬᠥᠮᠥᠰ ᠲᠤ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠭᠦᠨ ᠳᠤ ᠴᠢᠩ ᠰᠡᠳᠬᠢᠯ ᠤᠨ | ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠣᠷᠣᠯᠴᠠᠪᠠ᠃ | ᠳᠤᠮᠳᠠᠳᠦ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ | ᠵᠢᠶᠠᠨ ᠪᠠᠩ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠳ᠋ᠢᠩ ᠵᠦᠩ ᠯᠢ᠂ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ | ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ | ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᡁᠢᠭᠦ᠋ᠩᠳᠠᠩ ᠨᠠᠮ ᠤᠨ ᠲᠥᠪ | ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ | ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ | ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠲᠡᠷᠢᠭᠦᠯᠡᠭᠴᠢ ᠭᠤᠤ ᠶᠦᠨ ᠯᠦᠩ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠲᠤᠤ ᡁᠢ ᠨᠠᠷ | ᠤᠷᠢᠯᠭ᠎ᠠ ᠪᠠᠷ ᠣᠷᠣᠯᠴᠠᠪᠠ᠃ ᠤᠷᠢᠯᠭ᠎ᠠ ᠪᠠᠷ ᠣᠷᠣᠯᠴᠠᠭᠰᠠᠳ ᠲᠤ ᠪᠠᠰᠠ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠬᠤ ᠪᠠᠶᠢᠷᠢ ᠠᠴᠠ ᠪᠠᠨ | ᠪᠠᠭᠤᠭᠰᠠᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠤᠤᠯ ᠤᠨ ᠲᠡᠷᠢᠭᠦᠯᠡᠭᠴᠢ᠂ ᠨᠢᠭᠡᠳᠦᠭᠡᠷ ᠳᠡᠳ᠋ ᠲᠡᠷᠢᠭᠦᠯᠡᠭᠴᠢ ᠪᠣᠯᠣᠨ ᠪᠠᠶᠢᠩᠭᠤ ᠶᠢᠨ | ᠳᠡᠳ᠋ ᠲᠡᠷᠢᠭᠦᠯᠡᠭᠴᠢ ᠪᠤᠢ᠃ | ᠬᠤᠤ ᠮᠢᠩ ᠶᠢᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠪᠠᠶᠠᠷ ᠤᠨ ᠦᠭᠡ ᠬᠡᠯᠡᠵᠡᠢ᠃ | ᠲᠡᠷᠡ᠂ ᠰᠠᠶ᠋ᠢᠬᠠᠨ ᠥᠩᠭᠡᠷᠡᠭᠰᠡᠨ 2023 ᠣᠨ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠪᠣᠯᠣᠨ ᠤᠯᠠᠨ | ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠤ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ | ᠤᠷᠤᠭᠰᠢᠯᠠᠵᠤ᠂ ᠳᠠᠷᠤᠯᠲᠠ ᠶᠢ ᠰᠥᠷᠦᠨ ᠡᠷᠡᠯᠬᠡᠭᠯᠡᠨ ᠲᠡᠮᠡᠴᠡᠵᠦ᠂ ᠡᠷᠴᠢ ᠵᠣᠷᠢᠭ ᠪᠠᠳᠠᠷᠠᠩᠭᠤᠢ ᠪᠠᠷ ᠲᠡᠮᠡᠴᠡᠵᠦ᠂ | ᠴᠢᠷᠮᠠᠶᠢᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠠᠯᠬᠤᠮ ᠢ | ᠠᠯᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠠᠭᠤᠤ ᠶᠡᠭᠡ | ᠬᠦᠰᠡᠯ ᠵᠡᠭᠦᠳᠦ ᠲᠠᠢ ᠶᠠᠭ ᠠᠯᠬᠤᠮ ᠠᠯᠬᠤᠮ ᠢᠶᠠᠷ ᠣᠶᠢᠷᠠᠳᠴᠤ ᠪᠠᠶᠢᠨ᠎ᠠ᠃ ᠰᠢᠨ᠎ᠡ ᠨᠢᠭᠡ ᠵᠢᠯ ᠳᠤ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ | ᠢᠯᠡᠳᠬᠡᠪᠡ᠃ | ᠬᠤᠤ ᠮᠢᠩ ᠶᠢᠨ ᠤ ᠪᠠᠶᠠᠷ ᠤᠨ ᠦᠭᠡ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠲᠡᠷᠡ᠂ 2023 ᠣᠨ ᠪᠣᠯ ᠲᠦᠢᠯ ᠤᠨ ᠶᠡᠷᠦ ᠪᠤᠰᠤ ᠶᠢᠨ ᠶᠤᠮ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠭᠠᠳᠠᠭᠠᠳᠤ ᠶᠢᠨ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ | ᠢᠯᠡᠨ ᠳᠠᠪᠠᠵᠤ᠂ ᠠᠵᠤ ᠠᠬᠤᠢ ᠶᠢᠨ ᠰᠡᠷᠭᠦᠨ ᠬᠥᠭᠵᠢᠬᠦ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠭᠢᠯᠡᠯᠲᠡ ᠶᠢ | ᠲᠣᠭᠲᠠᠭᠤᠨ ᠪᠤᠯᠭᠠᠵᠤ᠂ ᠭᠢᠯᠠᠰ ᠴᠡᠭ ᠵᠠᠯᠭᠠᠭ᠎ᠠ ᠪᠠᠷ ᠢᠯᠡᠷᠡᠪᠡ᠃ ᠪᠢᠳᠡ ᠬᠠᠨᠳᠤᠯᠭᠠᠲᠤ ᠴᠢᠨᠠᠷᠲᠠᠢ ᠪᠠᠷ ᠬᠦᠴᠢᠷ | ᠠᠰᠠᠭᠤᠳᠠᠯ ᠢ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ | ᠤᠯᠤᠰ ᠤᠨ ᠠᠵᠤ ᠠᠬᠤᠢ ᠶᠢᠨ ᠶᠡᠷᠦᠩᠬᠡᠢ ᠳᠡᠭᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠪᠦᠭᠦ ᠵᠢᠯ ᠤᠨ ᠠᠵᠤ | ᠠᠬᠤᠢ ᠶᠢᠨ ᠶᠡᠷᠦᠩᠬᠡᠢ ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠵᠢᠯ ᠣᠯᠭᠤᠯᠲᠠ᠂ ᠪᠠᠷᠠᠭᠠᠨ ᠤ | ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠪᠢᠳᠡ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ | ᠪᠠᠶᠢᠭᠤᠯᠤᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ | ᠰᠢᠨ᠎ᠡ ᠰᠢᠪᠲᠤᠯᠤᠯᠲᠠ ᠲᠠᠢ ᠪᠣᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠪᠠ | ᠃ ᠮᠠᠨ ᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ | ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠳᠤᠮᠳᠠᠳᠤ ᠤᠯᠤᠰ — ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠵᠥ᠂ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢ | ᠥᠷᠭᠡᠳᠬᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ | ᠤᠯᠠᠮ ᠠᠴᠠ ᠬᠦᠴᠦᠷᠬᠡᠭ ᠶᠡᠭᠡ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢ ᠢᠯᠡᠷᠡᠭᠦᠯᠪᠡ᠃ | ᠪᠢᠳᠡ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠦᠶᠡᠷ ᠤᠰᠤᠲᠤᠯ ᠪᠠ ᠭᠠᠨᠰᠤ᠂ ᠬᠥᠬᠡᠨᠠᠭᠤᠷ ᠤᠨ ᠭᠠᠵᠠᠷ | ᠬᠥᠳᠡᠯᠦᠯᠲᠡ ᠵᠢᠴᠢ ᠰᠢᠨᠵᠢᠶᠠᠩ ᠤᠨ ᠭᠠᠵᠠᠷ ᠬᠥᠳᠡᠯᠦᠯᠲᠡ ᠵᠡᠷᠭᠡ ᠠᠯᠢ ᠣᠯᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ | ᠪᠦᠲᠦᠮᠵᠢᠲᠡᠶ ᠠᠷᠭᠠᠴᠠᠭᠠᠵᠤ᠂ ᠴᠧᠩᠳᠦ᠋ ᠶᠢᠨ ᠣᠶᠤᠲᠠᠳ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ | ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ ᠳᠠᠬᠢᠨᠲᠠ ᠰᠢᠯᠢᠳᠡᠭ ᠪᠦᠲᠦᠮᠵᠢ | ᠣᠯᠪᠠ᠃ ᠡᠳᠡᠭᠡᠷ ᠠᠮᠵᠢᠯᠲᠠ ᠶᠢ ᠣᠯᠣᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠡᠷᠡᠰ ᠴᠢᠩᠭ᠎ᠠ | ᠤᠳᠤᠷᠢᠳᠤᠭᠰᠠᠨ ᠤ ᠦᠷ᠎ᠡ ᠳ᠋ᠦᠩ ᠮᠥᠨ᠂ ᠪᠠᠰᠠ ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ ᠢ ᠪᠠᠭᠲᠠᠭᠠᠭᠰᠠᠨ ᠪᠦᠭᠦ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠰᠢᠷᠭᠠᠭᠤ ᠬᠠᠲᠠᠭᠤᠵᠢᠯᠲᠠᠢ ᠲᠡᠮᠡᠴᠡᠵᠦ᠂ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ | ᠪᠤᠰᠤ ᠬᠥᠮᠥᠰ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ ᠰᠠᠭᠤᠷᠢ ᠶᠢ | ᠪᠠᠬᠢᠵᠢᠭᠦᠯᠬᠦ᠂ ᠰᠢᠨ᠎ᠡ ᠠᠶᠠᠨ ᠳᠤ ᠪᠦᠯᠬᠦᠮᠳᠡᠨ ᠲᠡᠮᠡᠴᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠲᠠᠪᠤᠨ ᠰᠠᠷ᠎ᠠ ᠶᠢᠨ ᠨᠢᠭᠡᠨ ᠤ | ᠤᠷᠢᠶ᠎ᠠ︾ ᠶᠢ ᠨᠡᠶᠢᠲᠡᠯᠡᠭᠰᠡᠨ 75 ᠵᠢᠯ ᠤᠨ ᠤᠢ ᠶᠢ ᠳᠤᠷᠠᠰᠬᠠᠬᠤ ᠠᠵᠠ ᠲᠣᠭᠢᠶᠠᠯ ᠢ ᠠᠮᠵᠢᠵᠤ᠂ ᠤᠯᠤᠰ ᠲᠦᠷᠦ ᠶᠢᠨ | ᠵᠤᠯᠭᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠨᠠᠮ ᠬᠠᠮᠲᠤᠷᠠᠨ ᠠᠵᠢᠯᠯᠠᠬᠤ ᠦᠵᠡᠯ ᠰᠠᠨᠠᠭ᠎ᠠ ᠤᠯᠤᠰ ᠲᠦᠷᠦ ᠶᠢᠨ | ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠤᠯᠠᠨ ᠢᠶᠠᠷ ᠢᠶᠠᠨ ᠭᠤᠣᠯᠳᠠᠯᠭ᠎ᠠ ᠲᠠᠢ ᠤᠶᠠᠯᠳᠤᠭᠤᠯᠤᠨ᠂ | ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠠᠬᠢᠴᠠ ᠳᠠᠬᠢ ᠭᠤᠣᠯᠳᠠᠯᠭ᠎ᠠ ᠲᠠᠢ᠂ ᠬᠦᠴᠢᠷᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ | ᠦᠷ᠎ᠡ ᠪᠦᠲᠦᠮᠵᠢ ᠣᠯᠪᠠ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠣᠨ ᠣᠷᠣᠨ ᠨᠤᠲᠤᠭ ᠤᠨ ᠬᠢᠨ ᠲᠠᠢ ᠢᠳᠡᠪᠬᠢᠲᠡᠢ ᠬᠠᠮᠵᠢᠯᠴᠠᠨ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠶᠡᠭᠡ ᠬᠡᠮᠵᠢᠶᠡᠨ ᠤ ᠠᠵᠢᠯ ᠬᠢᠪᠡ | ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠠᠴᠠ ᠪᠠᠨ | ᠲᠠᠯᠠᠷᠬᠠᠵᠤ ᠪᠠᠶᠢᠬᠤ ᠪᠠᠨ ᠢᠯᠡᠳᠬᠡᠪᠡ︕ | ᠰᠢ ᠶᠢᠨ ᠫᠢᠩ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ | ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ | ᠠᠬᠢᠭᠤᠯᠬᠤ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠰᠢᠪᠲᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ | ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠣᠯᠣᠨ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠢ ᠣᠶᠢᠯᠠᠭᠠᠵᠤ᠂ ᠪᠠᠶᠢᠴᠠᠭᠠᠨ ᠰᠤᠳᠤᠯᠤᠯᠲᠠ ᠬᠢᠬᠦ᠂ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠴᠢᠷᠮᠠᠶᠢᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠶᠤᠨ ᠤᠬᠠᠭᠠᠨ ᠪᠣᠯᠣᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ | ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠴᠠᠢ᠃ ᠨᠢᠭᠡ ᠳᠤ᠂ ᠪᠠᠶᠢᠭᠤᠯᠤᠯ ᠤᠨ ᠢᠲᠡᠭᠡᠯ ᠢᠶᠠᠨ | ᠪᠠᠲᠤᠳᠬᠠᠵᠤ᠂ ᠳᠤᠮᠳᠠᠳᠤ ᠤᠯᠤᠰ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠳᠦᠷᠢᠮ ᠢ ᠰᠠᠶᠢᠲᠤᠷ ᠪᠠᠷᠢᠮᠲᠠᠯᠠᠵᠤ᠂ | ᠰᠠᠶᠢᠲᠤᠷ ᠬᠥᠭᠵᠢᠭᠦᠯᠵᠦ᠂ ᠰᠠᠶᠢᠲᠤᠷ ᠲᠡᠭᠦᠯᠳᠡᠷᠵᠢᠭᠦᠯᠬᠦ ᠬᠡᠷᠡᠭᠲᠡᠢ᠃ ᠲᠥᠷᠥ ᠶᠢᠨ ᠨᠠᠮ ᠤᠨ ᠵᠥᠪᠯᠡᠬᠦ ᠶᠠᠰᠤ ᠴᠢᠨᠠᠷ ᠢ | ᠦᠨᠡᠨ ᠬᠦ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠬᠤ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠡᠮᠬᠢ ᠵᠢᠷᠤᠮ ᠲᠠᠢ ᠥᠷᠨᠢᠭᠦᠯᠵᠦ᠂ ᠳᠠᠪᠠᠭᠤᠯᠢᠭ | ᠦᠢᠯᠡᠳᠦᠯ ᠢ ᠪᠠᠳᠠᠷᠠᠭᠤᠯᠬᠤ ᠲᠠᠪᠴᠠᠩ ᠤᠨ ᠠᠴᠢᠶᠠᠯᠠᠪᠤᠷᠢ ᠶᠢ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠭᠡᠯᠪᠡᠷᠢ ᠶᠢᠨ | ᠲᠥᠷᠥ ᠶᠢᠨ ᠨᠠᠮ ᠤᠨ ᠳᠦᠷᠢᠮ ᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠦᠷᠭᠦᠯᠵᠢᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠡᠩ | ᠬᠠᠨᠳᠤᠯᠭᠠᠲᠤ ᠴᠢᠨᠠᠷᠲᠠᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ | ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠳᠤᠮᠳᠠᠳᠤ ᠤᠯᠤᠰ ᠤᠨ | ᠠᠵᠤ ᠠᠬᠤᠢ ᠶᠢᠨ ᠭᠡᠭᠡᠨ ᠰᠠᠷᠠᠭᠤᠯ ᠪᠠᠶᠢᠬᠤ ᠤᠨᠤᠯ ᠢ ᠬᠠᠮᠲᠤ ᠪᠠᠷ ᠴᠤᠤᠷᠢᠶᠠᠲᠤᠭᠤᠯᠬᠤ ᠬᠡᠷᠡᠭᠲᠡᠢ᠃ ᠭᠤᠷᠪᠠ ᠳᠤ᠂ | ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠡᠷᠢᠭᠦᠨ ᠴᠢᠬᠤᠯᠠ ᠡᠭᠦᠷᠭᠡ ᠪᠣᠯ ᠦᠵᠡᠯ ᠰᠠᠨᠠᠭ᠎ᠠ ᠤᠯᠤᠰ ᠲᠦᠷᠦ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ | ᠶᠠᠪᠤᠳᠠᠯ ᠪᠣᠯᠣᠨ᠎ᠠ᠃ ᠠᠷᠢᠭᠤᠨ ᠴᠢᠬᠡᠴᠢ ᠶᠢᠨ ᠪᠠᠶᠢᠭᠤᠯᠤᠯᠲᠠ᠂ ᠤᠳᠤᠷᠢᠳᠬᠤ ᠪᠠᠭ ᠤᠨ ᠪᠠᠶᠢᠭᠤᠯᠤᠯᠲᠠ ᠪᠠ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠣᠪᠣᠷ ᠰᠤᠷᠲᠠᠯ ᠪᠠ ᠠᠵᠢᠯ ᠤᠨ ᠰᠤᠷᠲᠠᠯ ᠢ | ᠦᠨᠡᠨ ᠬᠦ ᠰᠠᠶᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ | ᠯᠠᠪᠳᠠᠭᠤᠨ ᠢᠶᠠᠷ ᠳᠡᠭᠡᠭᠰᠢᠯᠡᠭᠦᠯᠭᠦ ᠬᠡᠷᠡᠭᠲᠡᠢ᠃ | ᠶᠠᠷᠢᠯᠴᠠᠬᠤ ᠬᠤᠷᠠᠯ ᠤᠨ ᠳᠠᠷᠠᠭ᠎ᠠ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠰᠢᠨ᠎ᠡ ᠬᠠᠭᠤᠴᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠬᠠᠮᠲᠤ ᠶᠢᠨ | ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ | ᠃ |