ᠰᠠᠭᠠᠳ ᠦᠭᠡᠢ ᠨᠡᠪᠲᠡᠷᠡᠬᠦ ᠵᠠᠮ ᠤᠨ ᠥᠨᠳᠥᠷ ᠪᠦᠲᠦᠮᠵᠢᠲᠡᠶ ᠦᠢᠯᠡᠴᠢᠯᠡᠭᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ
ᠨᠡᠶᠢᠲᠡᠯᠡᠭᠰᠡᠨ ᠴᠠᠭ᠄
2024/3/12
   ᠣᠶᠢᠷ᠎ᠠ ᠳᠤ᠂ ᠳᠤᠮᠳᠠᠳᠤ ᠤᠯᠤᠰ ᠤᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ︽ᠬᠤᠸᠠ ᠳ᠋ᠢᠶᠠᠨ ᠪᠤᠭᠤᠲᠤ ᠶᠢᠨ ᠥᠩᠭᠡ ᠦᠵᠡᠮᠵᠢ ᠤᠰᠤᠲᠥ᠋ᠷᠥᠭᠴᠢ ᠶᠢᠨ ᠨᠥᠭᠡᠴᠡ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠶᠢᠨ ᠣᠶᠤᠨ ᠢᠶᠠᠷ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ︾᠎ ᠤᠨ ᠲᠥᠷᠥᠯ ᠵᠦᠢᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠲᠤᠭᠰᠢᠪᠠ᠃ ᠠᠵᠤ ᠠᠬᠤᠶᠢᠯᠠᠯ ᠢ ᠪᠠᠷᠢᠯᠭ᠎ᠠ ᠶᠢᠨ ᠠᠵᠢᠯ ᠤᠨ ᠲᠠᠰ ᠳᠠᠷᠠᠭᠠᠯᠠᠯ ᠳᠤ ᠲᠦᠷᠭᠡᠨ ᠣᠷᠣᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠲᠡᠷᠡ ᠳᠠᠷᠤᠢ ᠳᠤᠨᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠡᠪᠲᠡᠷᠡᠯᠴᠡᠵᠦ᠂ ᠠᠵᠤ ᠠᠬᠤᠶᠢᠯᠠᠯ ᠳᠤ ᠲᠦᠷᠭᠡᠨ ︽ᠰᠠᠭᠠᠳ ᠦᠭᠡᠢ ᠨᠡᠪᠲᠡᠷᠡᠬᠦ ᠵᠠᠮ︾᠎ ᠢ ᠨᠡᠭᠡᠭᠡᠨ ᠥᠭᠴᠦ᠂ 24 ᠴᠠᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠠᠨᠠᠭᠠᠴᠢᠯᠠᠭ᠎ᠠ  ᠎ ᠠᠴᠠ ᠪᠠᠨ ᠬᠠᠩᠭᠠᠵᠤ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠤᠭᠰᠠᠨ ᠮᠠᠲ᠋ᠧᠷᠢᠶᠠᠯ ᠢ ᠡᠮᠬᠢᠯᠡᠬᠦ ᠵᠡᠷᠭᠡ ᠪᠥᠬᠦ ᠶᠠᠪᠤᠴᠠ ᠳᠤ ᠬᠠᠪᠰᠤᠷᠤᠯᠭ᠎ᠠ ᠦᠵᠡᠭᠦᠯᠪᠡ᠃
  ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ᠂ ᠳᠤᠮᠳᠠᠳᠤ ᠤᠯᠤᠰ ᠤᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠠᠶᠢᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ︵ᠥᠪᠥᠷ ᠮᠣᠩᠭᠤᠯ︶᠎ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠨᠢᠭᠡᠨᠲᠡ ᠳᠠᠩᠰᠠᠯᠠᠭᠤᠯᠤᠨ ᠦᠨᠡᠮᠯᠡᠯ ᠣᠯᠭᠤᠵᠠᠢ᠃   ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠠᠭᠠᠳ ᠦᠭᠡᠢ ᠨᠡᠪᠲᠡᠷᠡᠬᠦ ᠵᠠᠮ︾᠎ ᠤᠨ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠵᠦ᠂ ︽ᠬᠠᠪᠰᠤᠷᠤᠨ ᠣᠷᠣᠯᠠᠨ ᠭᠦᠢᠴᠡᠳᠬᠡᠬᠦ︾ ᠳᠦᠷᠢᠮ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ᠳᠤᠲᠠᠭᠤ ᠭᠦᠶᠦᠯᠭᠡᠵᠦ᠂ ᠰᠠᠶᠢᠨ ᠶᠠᠪᠤᠳᠠᠯ ᠬᠢᠯᠭᠡᠬᠦ ᠪᠠᠷ ᠴᠢᠷᠮᠠᠶᠢᠨ᠎ᠠ᠃ ᠡᠭᠦᠨ ᠤ ᠵᠡᠷᠭᠡ ᠳᠤ᠂ ︽ᠨᠢᠭᠡ ᠶᠠᠪᠤᠳᠠᠯ︾᠎ ᠤᠨ ᠬᠤᠷᠠᠮᠠᠯ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠴᠠ ᠪᠥᠬᠦ ᠬᠤᠲᠠ ᠶᠢᠨ ᠠᠩᠬᠠᠳᠠᠭᠴᠢ ︽ᠠᠵᠤ ᠠᠬᠤᠶᠢᠯᠠᠯ ᠤᠨ ᠠᠮᠢ ᠨᠠᠰᠤᠨ ᠤ ᠪᠥᠬᠦ ᠦᠶᠡᠯᠡᠯ ᠤᠨ ᠬᠤᠷᠠᠮᠠᠯ ᠦᠢᠯᠡᠴᠢᠯᠡᠭᠡᠨ ᠤ ᠲᠤᠰᠬᠠᠢ ᠣᠷᠣᠨ︾᠎ ᠢ ᠨᠡᠭᠡᠭᠡᠵᠦ᠂ ᠠᠯᠬᠤᠮ ᠳᠠᠷᠠᠭ᠎ᠠ ᠶᠢ ᠰᠢᠯᠢᠳᠡᠭᠵᠢᠭᠦᠯᠬᠦ᠂ ᠴᠢᠬᠤᠯᠠ ᠨᠥᠬᠦᠴᠡᠯ ᠢ ᠴᠣᠮᠬᠠᠳᠬᠠᠬᠤ ᠪᠠᠷ ᠳᠠᠮᠵᠢᠭᠤᠯᠤᠨ᠂ ᠬᠡᠷᠡᠭ ᠭᠦᠢᠴᠡᠳᠬᠡᠬᠦ ᠮᠠᠲ᠋ᠧᠷᠢᠶᠠᠯ ᠢ ᠳᠤᠮᠳᠠᠴᠢ ᠪᠠᠷ 46.8%᠂ ᠭᠦᠢᠴᠡᠳᠬᠡᠬᠦ ᠭᠤᠭᠴᠤᠭ᠎ᠠ ᠶᠢ ᠳᠤᠮᠳᠠᠴᠢ ᠪᠠᠷ 43%᠂ ᠭᠦᠶᠦᠯᠲᠡ ᠶᠢᠨ ᠲᠤᠭ᠎ᠠ ᠶᠢ ᠳᠤᠮᠳᠠᠴᠢ ᠪᠠᠷ 83%᠎ ᠪᠠᠷ ᠪᠠᠭᠠᠰᠬᠠᠵᠤ᠂ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠪᠠ᠃
  ᠣᠶᠢᠯᠠᠭᠠᠭᠰᠠᠨ ᠢᠶᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠦᠷᠭᠦᠯᠵᠢᠯᠡᠨ ᠪᠠᠭᠠᠰᠬᠠᠵᠤ᠂ ︽ᠳᠤᠲᠠᠭᠤ ᠶᠢ ᠪᠠᠭᠲᠠᠭᠠᠵᠤ ᠭᠦᠢᠴᠡᠳᠬᠡᠬᠦ︾ ︽ᠦᠨᠡᠮᠯᠡᠯ ᠦᠭᠡᠢ ᠪᠠᠷ ᠭᠦᠢᠴᠡᠳᠬᠡᠬᠦ︾ ︽ᠣᠨᠳᠣᠣ ᠭᠠᠵᠠᠷ ᠲᠤ ᠭᠦᠢᠴᠡᠳᠬᠡᠬᠦ︾ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠵᠡᠷᠭᠡ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠬᠦᠶᠦᠯᠭᠡᠨ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 100%᠎ ᠳᠤ ᠬᠦᠷᠦᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ︽ᠪᠠᠷᠢᠨ ᠭᠦᠢᠴᠡᠳᠬᠡᠬᠦ︾᠎ ᠶᠢ ᠪᠡᠶᠡᠯᠡᠭᠦᠯᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢ ᠠᠬᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号