ᠡᠷᠴᠢ ᠵᠣᠷᠢᠭ ᠢᠶᠠᠨ ᠬᠥᠪᠴᠢᠯᠡᠵᠦ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2024/3/12
    ᠣᠳᠣᠬᠠᠨ ᠤ ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 8000 ᠲᠣᠨ ᠥᠨᠳᠥᠷ ᠴᠢᠳᠠᠪᠬᠢᠲᠤ ᠨᠧᠦᠳᠢᠮ ᠲᠡᠮᠦᠷ ᠪᠤᠷ ᠤᠨ ᠲᠦᠷᠦᠯ ᠵᠦᠢᠯ ᠨᠢ ᠲᠣᠭᠲᠠᠭᠤᠨ ᠢᠶᠠᠷ ᠦᠢᠯᠡᠳᠪᠦᠷᠢᠯᠡᠬᠦ᠂ ᠠᠯᠬᠤᠮ ᠠᠯᠬᠤᠮ ᠢᠶᠠᠷ ᠨᠡᠮᠡᠭᠳᠡᠬᠦ ᠱᠠᠲᠤᠨ ᠳᠤ ᠪᠠᠶᠢᠵᠤ᠂ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ ᠪᠣᠯᠣᠨ ᠨᠢᠭᠲᠠ ᠠᠴᠠ ᠨᠢᠭᠲᠠ ᠶᠠᠰᠤ ᠴᠢᠨᠠᠷ ᠢᠶᠠᠷ ᠢᠶᠠᠨ ᠺᠣᠮᠫᠠᠨᠢ ᠶᠢᠨ ᠦᠢᠯᠡᠳᠬᠦᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ ᠪᠠᠶᠢᠨ᠎ᠠ᠃
   ᠶᠡᠷᠦᠩᠬᠡᠢ ᠳᠠᠭᠠᠭᠠᠮᠠᠯ ᠰᠣ᠋ ᠴᠢᠤᠸᠠᠨ ᠤ ᠦᠵᠡᠬᠦ ᠪᠠᠷ᠂ ᠶᠢᠨ ᠯᠢ ᠲᠣᠭᠲᠠᠮᠠᠯ ᠰᠣᠷᠢᠨᠵᠢᠨ ᠤ ᠦᠢᠯᠡᠳᠬᠦᠨ ᠤ ᠲᠣᠭᠲᠠᠵᠤ ᠳᠡᠶᠢᠯᠬᠦ ᠶᠢᠨ ᠵᠠᠩᠭᠢᠯᠠᠭ᠎ᠠ ᠨᠢ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠶᠢᠨ ᠯᠢ ᠲᠣᠭᠲᠠᠮᠠᠯ ᠰᠣᠷᠢᠨᠵᠢᠨ ᠢᠶᠠᠷ ᠪᠤᠭᠤᠲᠤ ᠳᠤ 1 ᠲᠦᠮᠡᠨ ᠲᠡᠭᠰᠢ ᠳᠥᠷᠪᠡᠯᠵᠢᠨ ᠮᠥ᠋ᠲᠷ ᠢ ᠳᠠᠪᠠᠭᠰᠠᠨ ᠰᠤᠳᠤᠯᠤᠨ ᠨᠡᠭᠡᠭᠡᠬᠦ ᠲᠣᠮᠣ ᠠᠰᠠᠷ ᠪᠠ ᠲᠤᠷᠰᠢᠯᠲᠠ ᠬᠢᠵᠦ ᠲᠤᠷᠰᠢᠬᠤ ᠲᠥᠪ ᠢ ᠪᠠᠶᠢᠭᠤᠯᠵᠤ᠂ 100 ᠭᠠᠷᠤᠢ ᠬᠥᠮᠥᠨ ᠤ ᠰᠤᠳᠤᠯᠤᠨ ᠨᠡᠭᠡᠭᠡᠬᠦ ᠡᠩᠨᠡᠭᠡ ᠶᠢ ᠪᠠᠶᠢᠭᠤᠯᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠳᠤ ᠲᠦᠰᠢᠭᠯᠡᠨ᠂ ᠠᠵᠤ ᠠᠬᠤᠶᠢᠯᠠᠯ ᠣᠶᠢᠷ᠎ᠠ ᠶᠢᠨ ᠬᠤᠶᠠᠷ ᠵᠢᠯ ᠳᠤ 6 ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠲᠣᠭᠲᠠᠭᠠᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠬᠦᠨᠳᠦ ᠪᠤᠰᠤ ᠬᠤᠪᠣᠷ ᠰᠢᠷᠣᠢ ᠶᠢᠨ ᠦᠢᠯᠡᠳᠬᠦᠨ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠰᠢᠨ᠎ᠡ ᠮᠠᠲ᠋ᠧᠷᠢᠶᠠᠯ ᠤᠨ ᠵᠥᠪᠰᠢᠶᠡᠷᠡᠯ ᠢ ᠣᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠬᠦᠷᠢᠶ᠎ᠡ ᠴᠠᠷᠠᠭ᠎ᠠ ᠶᠢᠨ ᠬᠤᠭᠤᠰᠤᠨ ᠢ ᠨᠥᠬᠦᠪᠦᠷᠢᠯᠡᠪᠡ᠃
   ︽10 ᠵᠢᠯ ᠤᠨ ᠡᠮᠦᠨ᠎ᠡ᠂ ᠮᠠᠨ ᠤ ᠲᠣᠭᠲᠠᠮᠠᠯ ᠰᠣᠷᠢᠨᠵᠢᠨ ᠦᠢᠯᠡᠳᠬᠦᠨ ᠤ ᠬᠦᠨᠳᠦ ᠬᠤᠪᠣᠷ ᠰᠢᠷᠣᠢ ᠶᠢᠨ ᠠᠭᠤᠯᠤᠭᠳᠠᠴᠠ ᠨᠠᠭᠠᠲᠤ ᠵᠠᠬ᠎ᠠ ᠳᠠᠭᠠᠨ 10% ᠪᠠᠶᠢᠪᠠ᠂ ᠣᠲᠣ ᠮᠡᠷᠭᠡᠵᠢᠯ ᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠡᠮᠵᠢᠨ᠂ ᠬᠦᠨᠳᠦ ᠬᠤᠪᠣᠷ ᠰᠢᠷᠣᠢ ᠶᠢᠨ ᠠᠭᠤᠯᠤᠭᠳᠠᠴᠠ 2% ᠣᠷᠴᠢᠮ ᠪᠠᠶᠢᠪᠠ︾ ᠰᠣ᠋ ᠴᠢᠣᠸᠠᠨ ᠬᠡᠯᠡᠨ᠎ᠡ᠃ ᠣᠳᠣᠬᠠᠨ ᠳᠤ᠂ ᠪᠤᠭᠤᠲᠤ ᠬᠤᠳᠠ ᠶᠠᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ ᠪᠠᠶᠢᠨ᠎ᠠ᠂ ᠡᠨᠡ ᠨᠢ ᠠᠵᠤ ᠠᠬᠤᠶᠢᠯᠠᠯ ᠢ ᠦᠢᠯᠡᠳᠬᠦᠨ ᠢᠶᠠᠨ ᠨᠡᠩ ᠰᠠᠶᠢᠨ ᠬᠢᠬᠦ ᠢᠲᠡᠭᠡᠯ ᠲᠠᠢ ᠪᠣᠯᠭᠠᠪᠠ᠃ ᠣᠳᠣᠬᠠᠨ ᠳᠤ᠂ ᠠᠯᠲᠠᠨ ᠬᠦᠴᠦᠨ ᠤ ᠲᠣᠭᠲᠠᠮᠠᠯ ᠰᠣᠷᠢᠨᠵᠢᠨ ᠨᠢ ᠨᠢᠭᠡᠨᠲᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠬᠦᠷᠢᠶᠡᠨ ᠳᠠᠬᠢ ᠲᠠᠯᠠᠰᠲᠤ ᠶᠢᠨ ᠨᠡᠪᠴᠢᠯᠲᠡ ᠶᠢᠨ ᠮᠡᠷᠭᠡᠵᠢᠯ ᠢᠶᠠᠷ ᠭᠤᠣᠯ ᠪᠣᠯᠭᠠᠭᠰᠠᠨ ᠵᠢᠷᠭᠤᠭᠠᠨ ᠲᠣᠮᠣ ᠪᠡᠶ᠎ᠡ ᠪᠠᠨ ᠳᠠᠭᠠᠭᠠᠭᠰᠠᠨ ᠭᠤᠣᠯᠯᠠᠬᠤ ᠮᠡᠷᠭᠡᠵᠢᠯ ᠢ ᠡᠵᠡᠮᠰᠢᠵᠦ᠂ ᠭᠤᠣᠯᠯᠠᠬᠤ ᠮᠡᠷᠭᠡᠵᠢᠯ ᠤᠨ ᠲᠠᠯᠠᠰᠲᠤ ᠶᠢᠨ ᠨᠡᠪᠴᠢᠯᠲᠡ ᠨᠢ ᠳᠡᠯᠡᠬᠡᠢ ᠶᠢᠨ ᠲᠡᠷᠢᠭᠦᠨ ᠤ ᠪᠠᠶᠢᠷᠢᠨ ᠳᠤ ᠣᠷᠣᠰᠢᠵᠤ ᠪᠠᠶᠢᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠵᠤ᠂ ᠠᠵᠤ ᠠᠬᠤᠶᠢᠯᠠᠯ ᠢᠯᠠᠩᠭᠤᠶ᠎ᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ‌‍ᠲ᠋ᠦ᠋ᠯᠬᠢᠨ ᠠᠬᠢᠭᠤᠯᠵᠤ᠂ ᠨᠢᠳᠤᠨᠤᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾ ᠪᠠ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ︽ᠭᠤᠷᠪᠠ ᠶᠢ ᠦᠭᠡᠢ ᠪᠣᠯᠭᠠᠬᠤ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ︾ ᠪᠠ ︽ᠳᠥᠷᠪᠡᠨ ᠨᠢᠭᠡ︾ ᠶᠢᠨ ᠠᠵᠢᠯᠯᠠᠭ᠎ᠠ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ︽ᠴᠡᠴᠡᠭ ᠪᠦᠬᠦᠨ ᠢ ᠵᠡᠷᠭᠡ ᠪᠠᠷ ᠳᠡᠯᠭᠡᠷᠡᠭᠦᠯᠬᠦ︾ ᠰᠠᠶᠢᠨ ᠰᠠᠶᠢᠬᠠᠨ ᠪᠠᠶᠢᠳᠠᠯ ᠢᠯᠡᠷᠡᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠨᠢ ᠴᠦ ᠠᠵᠤ ᠠᠬᠤᠶᠢᠯᠠᠯ ᠤᠨ ᠬᠥᠭᠵᠢᠯᠲᠡ ᠶᠢᠨ ᠬᠠᠮᠤᠭ ᠤᠨ ᠶᠡᠭᠡ ᠵᠦᠭᠯᠡᠭᠦᠷ ᠪᠠ ᠬᠠᠮᠤᠭ ᠤᠨ ᠥᠷᠢᠰᠦᠯᠳᠦᠬᠦ ᠬᠦᠴᠦᠨ ᠲᠠᠢ ᠵᠠᠩᠭᠢᠯᠠᠭ᠎ᠠ ᠶᠢᠨ ᠬᠦᠴᠦᠨ ᠵᠦᠢᠯ ᠪᠣᠯᠤᠭᠰᠠᠨ ᠪᠠᠶᠢᠨ᠎ᠠ᠃  
   ᠠᠵᠤ ᠠᠬᠤᠶᠢᠯᠠᠯ ᠤᠨ ︽ᠬᠦᠴᠢᠷᠳᠡᠯ︾ ᠢ ᠬᠠᠷᠠᠭᠠᠯᠠᠨ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠠᠴᠠ ᠡᠭᠦᠰᠴᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠨᠡᠮᠡᠭᠳᠡᠯ ᠢ ᠲᠣᠭᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ᠂ ᠠᠺᠠᠳᠧᠮᠢᠴᠢ ᠶᠢᠨ ᠠᠵᠢᠯᠯᠠᠬᠤ ᠥᠷᠲᠡᠭᠡ ᠪᠠᠷ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠳᠤ ᠨᠡᠶᠢᠲᠡ 180 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠲᠠᠷᠬᠠᠭᠠᠵᠤ᠂  ᠤᠷᠤᠨ ᠳᠤ ᠰᠠᠭᠤᠭ᠎ᠠ 17 ᠠᠵᠤ ᠠᠬᠤᠶᠢᠯᠠᠯ ᠳᠤ 27 ᠬᠤᠪᠢ 9.67 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠪᠠ᠃ ᠪᠦᠬᠦ ᠵᠢᠯ ᠤᠨ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ 14.14 ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 5.64 ᠳ᠋ᠦᠩᠰᠢᠭᠤᠷ ᠲᠥᠭᠦᠷᠢᠭ ᠢ ᠳᠠᠪᠠᠪᠠ  ᠃ ᠬᠠᠷᠢᠶᠠᠲᠤ ᠣᠷᠣᠨ ᠤ ᠠᠵᠤ ᠠᠬᠤᠶᠢᠯᠠᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠲᠡᠳᠬᠦᠮᠵᠢ ᠶᠢᠨ ᠪᠡᠯᠡ ᠮᠥᠩᠭᠦ ᠶᠢ 3.94 ᠳ᠋ᠦᠩᠰᠢᠭᠤᠷ ᠲᠥᠭᠦᠷᠢᠭ ᠣᠯᠵᠤ᠂ ᠣᠷᠣᠨ ᠤ ᠱᠠᠲᠤᠨ ᠤ ᠡᠯ᠎ᠡ ᠲᠥᠷᠥᠯ ᠤᠨ ᠲᠡᠳᠬᠦᠮᠵᠢ ᠶᠢᠨ ᠪᠡᠯᠡ ᠮᠥᠩᠭᠦ ᠶᠢ 2.26 ᠳ᠋ᠦᠩᠰᠢᠭᠤᠷ ᠲᠥᠭᠦᠷᠢᠭ ᠣᠯᠭᠤᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ︽ᠰᠠᠭᠠᠳ︾ ᠢ ᠠᠷᠢᠯᠭᠠᠵᠤ᠂ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠮᠤᠭ ᠤᠨ ᠲᠦᠷᠭᠡᠨ ᠬᠤᠷᠳᠤᠴᠠ ᠪᠠᠷ ᠲᠥᠷᠥ ᠶᠢᠨ ᠪᠣᠳᠣᠯᠭ᠎ᠠ ᠶᠢᠨ ᠠᠰᠢᠭ ᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠢᠲᠡᠭᠡᠯ ᠵᠣᠷᠢᠭ ᠢ ᠢᠯᠡᠷᠡᠭᠦᠯᠪᠡ᠃    ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠣᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠨᠢᠭᠡᠨᠲᠡ 361 ᠪᠣᠯᠵᠤ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ 3.26% ᠳᠤ ᠬᠦᠷᠴᠡᠢ᠃ 2024 ᠣᠨ ᠳᠤ᠂ ᠲᠤᠰ ᠣᠷᠣᠨ ᠤ ᠬᠢᠨ 200 ᠠᠴᠠ ᠳᠡᠭᠡᠭᠰᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠪᠠᠷ ᠴᠢᠷᠮᠠᠶᠢᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ ᠶᠢ 8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号