ᠪᠤᠭᠤᠲᠤ ᠶᠢᠨ ᠬᠤᠪᠣᠷ ᠰᠢᠷᠣᠢ ᠶᠢᠨ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ
ᠨᠡᠶᠢᠲᠡᠯᠡᠭᠰᠡᠨ ᠴᠠᠭ᠄
2024/3/19
   3 ᠳ᠋ᠤᠭᠠᠷ ᠰᠠᠷ᠎ᠠ ᠶᠢᠨ 18᠎ ᠤ ᠡᠳᠦᠷ᠂ ᠪᠤᠭᠤᠲᠤ ᠶᠢᠨ ᠬᠤᠪᠣᠷ ᠰᠢᠷᠣᠢ ᠶᠢᠨ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠣᠷᠣᠨ ᠤ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠨᠠᠮ ᠤᠯᠠᠨ ᠲᠦᠮᠡᠨ ᠤ ᠠᠵᠢᠯ ᠤᠨ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠤᠤ ᠵᠧᠩ ᠠᠴᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠭᠰᠠᠨ ᠲᠣᠭᠲᠠᠭᠠᠯ ᠢ ᠨᠡᠶᠢᠲᠡᠯᠡᠪᠡ᠃ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠤᠷᠢᠶ᠎ᠠ ᠶᠢᠨ ᠱᠦᠵᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠵᠢᠶᠠᠨ ᠵᠢᠶᠦ᠋ᠨ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠢ᠃ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠱᠢ ᠶᠦᠨ ᠵᠢᠶᠦ᠋ᠨ ᠬᠤᠷᠠᠯ ᠡᠷᠭᠢᠯᠡᠪᠡ᠃ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠠᠮᠢᠶ᠎ᠠ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠣᠭᠤᠷᠢᠨ ᠪᠠᠶᠢᠴᠠᠭᠠᠬᠤ ᠠᠯᠪᠠᠨ ᠭᠡᠷ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠬᠦ ᠠᠵᠢᠯᠲᠠᠨ ᠨᠡᠶᠢᠳᠡ 31 ᠬᠥᠮᠥᠨ ᠬᠤᠷᠠᠯ ᠳᠤ ᠣᠷᠣᠯᠴᠠᠪᠠ  ᠃
   ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠡᠨᠡ ᠵᠢᠯ ᠤᠨ 1 ᠰᠠᠷ᠎ᠠ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠳᠤ ᠬᠤᠶᠠᠳᠠᠭᠢ ᠤᠳᠠᠭ᠎ᠠ ᠵᠠᠰᠠᠪᠤᠷᠢ ᠣᠷᠣᠭᠤᠯᠵᠤ᠂ ᠲᠣᠭᠤᠷᠢᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠵᠦ᠂ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ  ᠶᠢ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠤᠯᠤᠰ ᠲᠥᠷᠥ ᠶᠢᠨ ᠠᠴᠢ ᠬᠤᠯᠪᠣᠭᠳᠠᠯ ᠪᠠ ᠪᠦᠬᠦ ᠣᠷᠣᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠰᠠᠶᠢᠲᠤᠷ ᠪᠦᠲᠦᠭᠡᠨ ᠪᠠᠶᠢᠭᠤᠯᠬᠤ ᠶᠢᠨ ᠪᠣᠳᠠᠲᠤ ᠠᠴᠢ ᠬᠤᠯᠪᠣᠭᠳᠠᠯ  ᠬᠦᠨᠵᠠᠭᠡᠢ ᠲᠠᠨᠢᠨ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠨᠢᠭᠡ ᠤᠳᠠᠭᠠᠨ ᠤ ᠪᠥᠬᠦ ᠲᠠᠯ᠎ᠠ ᠪᠠᠷ ᠲᠤᠶᠢᠯᠪᠤᠷᠢᠲᠠᠢ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠬᠢᠵᠦ᠂ ᠲᠣᠭᠤᠷᠢᠨ ᠪᠠᠶᠢᠴᠠᠭᠠᠬᠤ ᠪᠠᠷ ᠥᠭᠡᠷᠡᠴᠢᠯᠡᠬᠦ ᠶᠢ ᠠᠬᠢᠭᠤᠯᠬᠤ᠂ ᠪᠦᠲᠦᠭᠡᠨ ᠪᠠᠶᠢᠭᠤᠯᠬᠤ ᠶᠢ ᠠᠬᠢᠭᠤᠯᠬᠤ᠂ ᠵᠠᠰᠠᠬᠤ ᠶᠢ ᠠᠬᠢᠭᠤᠯᠬᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠠᠳᠬᠤᠵᠤ᠂ ᠡᠷᠬᠡ ᠪᠠ ᠬᠠᠷᠢᠭᠤᠴᠠᠯᠭ᠎ᠠ᠂ ︽ᠨᠢᠭᠡᠳᠦᠭᠡᠷ ᠭᠠᠷ︾ ᠪᠣᠯᠣᠨ ᠤᠳᠤᠷᠢᠳᠬᠤ ᠪᠠᠭ ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭ᠎ᠠ ᠠᠩᠬᠠᠷᠴᠤ᠂ ᠤᠯᠤᠰ ᠳᠦᠷᠦ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠶᠢᠳᠠᠪᠦᠷᠵᠢᠭᠤᠯᠣᠨ  ᠬᠢᠨᠠᠯᠲᠠ ᠲᠠᠯᠪᠢᠭᠰᠠᠨ ᠪᠣᠳᠠᠲᠤ ᠦᠷ᠎ᠡ ᠪᠦᠲᠦᠮᠵᠢ ᠪᠠᠷ ᠢᠶᠠᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠬᠦᠷᠬᠦ ᠪᠠᠷ ᠬᠦᠴᠦᠯᠡᠨ ᠴᠢᠷᠮᠠᠶᠢᠬᠤ ᠳᠤ ᠪᠠᠲᠤ ᠴᠢᠩᠭ᠎ᠠ ᠤᠯᠤᠰ ᠳᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃     ᠬᠤᠷᠠᠯ ᠠᠴᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠵᠣᠷᠢᠭᠲᠠᠢ ᠪᠠᠷ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ ᠠᠰᠠᠭᠤᠳᠠᠯ ᠢ ᠦᠨᠡᠨᠬᠦ ᠢᠯᠡᠷᠡᠭᠦᠯᠦᠨ ᠦᠨᠡᠨ ᠠᠰᠠᠭᠤᠳᠠᠯ ᠢ ᠵᠠᠪᠠᠯ ᠢᠯᠡᠷᠡᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠵᠠᠭᠠᠭ ᠬᠢᠵᠠᠭᠠᠷ ᠢ ᠣᠨᠣᠪᠴᠢᠲᠠᠢ ᠰᠠᠶᠢᠲᠤᠷ ᠡᠵᠡᠮᠳᠡᠵᠦ᠂ ᠦᠨᠡᠨ ᠠᠴᠠ ᠵᠥᠪ ᠢ ᠡᠷᠢᠬᠦ ᠣᠪᠣᠷ ᠢᠶᠠᠷ ᠠᠰᠠᠭᠤᠳᠠᠯ ᠢ ᠵᠠᠳᠠᠯᠣᠨ ᠴᠢᠨᠠᠷ ᠢ ᠨᠢ ᠲᠣᠭᠲᠠᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠪᠠ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠳᠠᠷᠤᠤ ᠬᠢᠴᠢᠶᠡᠩᠭᠦᠢ ᠠᠵᠢᠯ ᠤᠨ ᠰᠤᠷᠲᠠᠯ ᠢ ᠢᠮᠠᠭᠲᠠ ᠪᠠᠷᠢᠮᠳᠠᠯᠠᠨ ᠲᠣᠭᠤᠷᠢᠨ ᠪᠠᠶᠢᠴᠠᠭᠠᠬᠤ ᠺᠠᠳ᠋ᠷ ᠤᠨ ᠰᠠᠶᠢᠨ ᠰᠠᠶᠢᠬᠠᠨ ᠳᠦᠷᠢ ᠲᠥᠷᠬᠦ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ ᠭᠡᠵᠣ ᠵᠢᠭᠠᠵᠣ ᠭᠠᠷᠭᠠᠪᠠ᠃    ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ 1 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号