︽ᠰᠢᠭᠦᠬᠦ ᠬᠤᠷᠢᠶ᠎ᠠ + ᠠᠵᠢᠯᠴᠢᠨ ᠤ ᠡᠪᠯᠡᠯ + ᠬᠥᠨᠳᠡᠯᠡᠨ ᠠᠴᠠ ᠲᠠᠰᠤᠯᠬᠤ + N︾ ᠬᠥᠳᠡᠯᠮᠦᠷᠢ ᠶᠢᠨ ᠮᠠᠷᠭᠤᠯᠳᠤᠭᠠᠨ ᠤ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
   ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠪᠡ ︱ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ 2024 ᠣᠨ ᠤ ᠨᠢᠭᠡᠳᠦᠭᠡᠷ ᠤᠯᠠᠷᠢᠯ ᠤᠨ ︽ᠰᠢᠭᠦᠬᠦ ᠬᠤᠷᠢᠶ᠎ᠠ + ᠠᠵᠢᠯᠴᠢᠨ ᠤ ᠡᠪᠯᠡᠯ + ᠬᠥᠨᠳᠡᠯᠡᠨ ᠠᠴᠠ ᠲᠠᠰᠤᠯᠬᠤ + N︾ ᠬᠥᠳᠡᠯᠮᠦᠷᠢ ᠶᠢᠨ ᠮᠠᠷᠭᠤᠯᠳᠤᠭᠠᠨ ᠤ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ    ᠰᠢ ᠶᠢᠨ ᠫᠢᠩ ᠶᠡᠷᠦᠩᠬᠡᠢ ᠱᠦᠵᠢ ᠶᠢᠨ ︽ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾᠎ ᠤᠨ ᠬᠥᠳᠡᠯᠮᠦᠷᠢ ᠶᠢᠨ ᠮᠠᠷᠭᠤᠯᠳᠤᠭᠠᠨ ᠢ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠣᠨ ᠬᠥᠳᠡᠯᠮᠦᠷᠢ ᠶᠢᠨ ᠮᠠᠷᠭᠤᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠳᠤᠮᠳᠠᠬᠢ ᠤᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠲᠦᠯᠬᠢᠨ ᠠᠬᠢᠭᠤᠯᠬᠤ ᠪᠠᠷ 3 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ᠂ ᠠᠷᠠᠳ ᠤᠨ ᠰᠢᠭᠦᠬᠦ ᠬᠤᠷᠢᠶ᠎ᠠ ᠵᠢᠴᠢ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ᠂ ᠪᠤᠭᠤᠲᠤ ᠬᠤᠲᠠ ᠶᠢᠨ ᠣᠯᠠᠨ ᠡᠰᠢᠲᠦ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠲᠥᠪ ᠣᠷᠣᠨ ᠤ ᠰᠢᠭᠦᠬᠦ ᠬᠤᠷᠢᠶ᠎ᠠ ᠳᠤ ᠬᠥᠳᠡᠯᠮᠦᠷᠢ ᠶᠢᠨ ᠮᠠᠷᠭᠤᠯᠳᠤᠭᠠᠨ ᠢ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠭᠤᠯᠪᠠ᠃
   ᠬᠤᠷᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠤᠨ ᠲᠤᠬᠠᠢ ᠲᠣᠪᠴᠢ ᠲᠠᠨᠢᠯᠴᠠᠭᠤᠯᠭ᠎ᠠ ᠬᠢᠵᠦ᠂ ᠡᠭᠦᠨ ᠤ ᠬᠠᠮᠲᠤ ᠤᠳᠤ ᠨᠢᠭᠡᠨᠲᠡ ᠪᠠᠶᠢᠭᠤᠯᠤᠭᠰᠠᠨ ᠬᠥᠳᠡᠯᠮᠦᠷᠢ ᠶᠢᠨ ᠮᠠᠷᠭᠤᠯᠳᠤᠭᠠᠨ ᠤ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠬᠥᠳᠡᠯᠮᠦᠷᠢ ᠶᠢᠨ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠲᠦᠯᠬᠢᠨ ᠠᠬᠢᠭᠤᠯᠬᠤ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠶᠠᠪᠤᠴᠠ ᠶᠢ ᠲᠡᠭᠦᠯᠳᠡᠷᠵᠢᠭᠦᠯᠬᠦ ᠵᠡᠷᠭᠡ ᠪᠣᠳᠠᠲᠠᠢ ᠠᠵᠢᠯ ᠤᠨ ᠲᠠᠯ᠎ᠠ ᠪᠠᠷ ᠰᠠᠨᠠᠯ ᠨᠢᠭᠡᠳᠪᠠ᠃
    ᠨᠢᠭᠡ ᠳᠤ᠂ ︽ᠰᠢᠭᠦᠬᠦ ᠬᠤᠷᠢᠶ᠎ᠠ + ᠠᠵᠢᠯᠴᠢᠨ ᠤ ᠡᠪᠯᠡᠯ + ᠬᠥᠨᠳᠡᠯᠡᠨ ᠠᠴᠠ ᠲᠠᠰᠤᠯᠬᠤ + N︾ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠯᠳᠤᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠨᠤᠲᠠᠯᠠᠵᠤ᠂ ᠠᠵᠢᠯᠴᠢᠨ ᠤ ᠡᠪᠯᠡᠯ ᠤᠨ ᠦᠨᠳᠦᠰᠦᠨ ᠱᠠᠲᠤᠨ ᠤ ᠠᠵᠢᠯᠲᠠᠨ ᠠᠵᠢᠯᠴᠢᠨ ᠲᠦᠮᠡᠨ ᠤ ᠳᠠᠪᠠᠭᠤᠯᠢᠭ ᠪᠠ ᠰᠢᠭᠦᠬᠦ ᠬᠤᠷᠢᠶ᠎ᠠ ᠲᠠᠢ ᠣᠶᠢᠷᠠᠲᠤᠭᠰᠠᠨ᠂ ᠬᠥᠨᠳᠡᠯᠡᠨ ᠠᠴᠠ ᠲᠠᠰᠤᠯᠬᠤ ᠶᠢᠨ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠰᠢᠢᠳᠪᠦᠷᠢᠯᠡᠭᠰᠡᠨ ᠬᠠᠤᠯᠢ ᠴᠠᠭᠠᠵᠠ ᠶᠢᠨ ᠲᠤᠷᠰᠢᠯᠭ᠎ᠠ ᠶᠢ ᠬᠡᠷᠡᠭᠯᠡᠨ᠂ ᠡᠬᠢ ᠪᠠᠶᠠᠯᠢᠭ ᠢ ᠬᠠᠮᠲᠤ ᠪᠠᠷ ᠡᠳ᠋ᠯᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠠᠵᠤ ᠠᠬᠤᠶᠢᠯᠠᠯ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠥᠨᠳᠥᠷ ᠪᠦᠲᠦᠮᠵᠢᠲᠡᠶ᠂ ᠳᠥᠭᠦᠮ ᠳᠥᠲᠡ ᠪᠠᠷ ᠬᠠᠮᠠᠭᠠᠯᠠᠪᠠ᠃    ᠬᠤᠶᠠᠷ ᠲᠤ᠂ ᠬᠥᠳᠡᠯᠮᠦᠷᠢ ᠶᠢᠨ ᠮᠠᠷᠭᠤᠯᠳᠤᠭᠠᠨ ᠢ ᠵᠠᠭᠠᠯᠳᠤᠬᠤ ᠪᠠ ᠡᠶᠡᠳᠡᠭᠦᠯᠬᠦ ᠠᠵᠢᠯ ᠤᠨ ᠲᠠᠰᠤᠭ ᠤᠨ ᠡᠨᠡ ᠬᠦ ᠲᠠᠪᠴᠠᠩ ᠢ ᠠᠰᠢᠭᠯᠠᠨ᠂ ᠦᠢᠯᠡᠴᠢᠯᠡᠭᠡ ᠬᠤᠳᠠᠯᠳᠤᠨ ᠠᠪᠬᠤ ᠳᠤ ᠲᠦᠰᠢᠭᠯᠡᠨ ᠵᠠᠭᠠᠯᠳᠤᠬᠤ ᠠᠴᠠ ᠡᠮᠦᠨ᠎ᠡ᠂ ᠵᠠᠭᠠᠯᠳᠤᠬᠤ ᠶᠠᠪᠤᠴᠠ ᠳᠤ ᠡᠶᠡᠳᠡᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠬᠥᠳᠡᠯᠮᠦᠷᠢ ᠶᠢᠨ ᠮᠠᠷᠭᠤᠯᠳᠤᠭᠠᠨ ᠢ ᠪᠣᠳᠠᠲᠤ ᠴᠣᠭᠴᠠ ᠶᠢᠨ ᠰᠢᠭᠦᠨ ᠰᠢᠢᠳᠪᠦᠷᠢᠯᠡᠬᠦ ᠪᠠ ᠲᠠᠰᠤᠯᠤᠨ ᠲᠣᠭᠲᠠᠭᠠᠬᠤ ᠵᠢᠷᠤᠮ ᠳᠤ ᠣᠷᠣᠭᠤᠯᠬᠤ ᠶᠢ ᠠᠯᠢ ᠴᠢᠳᠠᠬᠤ ᠪᠠᠷ  ᠪᠠᠭᠠᠰᠬᠠᠨ ᠬᠥᠨᠳᠡᠯᠡᠨ ᠠᠴᠠ ᠲᠠᠰᠤᠯᠬᠤ ᠡᠬᠢ ᠪᠠᠶᠠᠯᠢᠭ ᠢ ᠠᠷᠪᠢᠯᠠᠵᠤ ᠪᠣᠯᠬᠤ ᠮᠥᠷᠲᠡᠭᠡᠨ ᠪᠠᠰᠠ ᠬᠥᠳᠡᠯᠮᠦᠷᠢ ᠶᠢᠨ ᠵᠢᠭᠤᠷᠠᠯᠳᠤᠭᠠᠨ ᠤ ᠵᠥᠷᠢᠴᠡᠯ ᠢ ᠡᠬᠢ ᠰᠤᠷᠪᠤᠯᠵᠢ ᠠᠴᠠ ᠨᠢ ᠰᠢᠢᠳᠪᠦᠷᠢᠯᠡᠵᠦ ᠪᠣᠯᠣᠨ᠎ᠠ᠃     ᠭᠤᠷᠪᠠ ᠳᠤ᠂ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠥᠷᠨᠢᠭᠦᠯᠵᠦ᠂ ᠬᠥᠳᠡᠯᠮᠦᠷᠢ  ᠎ ᠶᠢᠨ ᠮᠠᠷᠭᠤᠯᠳᠤᠭᠠᠨ  ᠎ ᠢ ᠰᠢᠢᠳᠪᠦᠷᠢᠯᠡᠬᠦ ᠳᠤ ᠬᠠᠮᠲᠤ ᠪᠠᠷ ᠣᠷᠣᠯᠴᠠᠬᠤ᠂ ᠬᠠᠷᠢᠯᠴᠠᠨ ᠬᠠᠮᠵᠢᠯᠴᠠᠵᠤ ᠪᠠᠶᠢᠭᠠᠳ ᠰᠢᠢᠳᠪᠦᠷᠢᠯᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ  ᠎ ᠢ ᠬᠠᠮᠠᠭᠠᠯᠠᠬᠤ᠂ ᠬᠥᠳᠡᠯᠮᠦᠷᠢ  ᠎ ᠶᠢᠨ ᠬᠠᠷᠢᠴᠠᠭ᠎ᠠ  ᠎ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ  ᠎ ᠢ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ  ᠎ ᠢ ᠡᠭᠦᠳᠬᠦ ᠬᠡᠷᠡᠭᠲᠡᠢ᠃    ᠳᠥᠷᠪᠡ ᠳᠤ᠂ ︽ᠰᠢᠭᠦᠬᠦ ᠬᠤᠷᠢᠶ᠎ᠠ + ᠠᠵᠢᠯᠴᠢᠨ ᠤ ᠡᠪᠯᠡᠯ + ᠬᠥᠨᠳᠡᠯᠡᠨ ᠤ ᠲᠠᠰᠤᠯᠤᠯᠳᠠ + N︾  ᠎ ᠤ ᠤᠯᠠᠨ ᠡᠰᠢᠴᠢᠯᠡᠭᠰᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠥᠷᠭᠡᠳᠬᠡᠵᠦ᠂ ᠤᠬᠠᠭᠤᠯᠤᠨ ᠳᠡᠯᠭᠡᠷᠡᠭᠦᠯᠬᠦ᠂ ᠲᠤᠷᠰᠢᠯᠭ᠎ᠠ ᠪᠠᠨ ᠳ᠋ᠦᠩᠨᠡᠬᠦ ᠳᠡᠭᠡᠷ᠎ᠡ ᠬᠦᠴᠦᠯᠡᠨ ᠬᠥᠳᠡᠯᠮᠦᠷᠢ ᠶᠢᠨ ᠵᠠᠭᠤᠷᠠᠯᠳᠤᠭᠠᠨ ᠢ ᠡᠶᠡᠳᠡᠭᠦᠯᠬᠦ ᠳᠠᠪᠠᠭᠤᠯᠢᠭ ᠢ ᠭᠦᠨᠵᠡᠭᠡᠢ ᠤᠬᠠᠭᠤᠯᠵᠤ᠂ ᠨᠡᠩ ᠤᠯᠠᠨ ᠠᠵᠢᠯᠲᠠᠨ ᠠᠵᠢᠯᠴᠢᠨ ᠲᠦᠮᠡᠨ ᠳᠤ ︽ᠰᠢᠭᠦᠬᠦ ᠬᠤᠷᠢᠶ᠎ᠠ + ᠠᠵᠢᠯᠴᠢᠨ ᠤ ᠡᠪᠯᠡᠯ + ᠬᠥᠨᠳᠡᠯᠡᠨ ᠤ ᠲᠠᠰᠤᠯᠤᠯᠳᠠ + N︾ ᠎ ᠶᠢᠨ ᠡᠶᠡᠳᠡᠭᠦᠯᠭᠡ ᠶᠢᠨ ᠵᠠᠭᠪᠤᠷ ᠠᠴᠠ ᠪᠣᠯᠤᠭᠰᠠᠨ ᠲᠦᠭᠦᠮ ᠨᠥᠬᠦᠴᠡᠯ ᠢ ᠣᠶᠢᠯᠠᠭᠠᠭᠤᠯᠤᠨ ᠡᠳ᠋ᠯᠡᠭᠦᠯᠦᠨ᠎ᠡ᠃
   ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ︽ᠰᠢᠭᠦᠬᠦ ᠬᠤᠷᠢᠶ᠎ᠠ + ᠠᠵᠢᠯᠴᠢᠨ ᠤ ᠡᠪᠯᠡᠯ + ᠬᠥᠨᠳᠡᠯᠡᠨ ᠠᠴᠠ ᠲᠠᠰᠤᠯᠬᠤ + N︾ ᠬᠥᠳᠡᠯᠮᠦᠷᠢ ᠶᠢᠨ ᠮᠠᠷᠭᠤᠯᠳᠤᠭᠠᠨ ᠢ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠠᠵᠢᠯ ᠤᠨ ᠲᠠᠰᠤᠭ ᠢᠶᠠᠷ ᠭᠠᠷᠳᠠᠴᠠ ᠪᠣᠯᠭᠠᠵᠤ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠲᠤ ᠲᠥᠪᠯᠡᠷᠡᠨ ᠣᠷᠣᠰᠢᠵᠤ ᠪᠠᠶᠢᠭ᠎ᠠ ᠠᠰᠠᠭᠤᠳᠠᠯ ᠵᠢᠴᠢ ᠢᠯᠡᠷᠡᠭᠰᠡᠨ ᠰᠢᠨ᠎ᠡ ᠠᠰᠠᠭᠤᠳᠠᠯ ᠳᠤ ᠴᠢᠭᠯᠡᠭᠦᠯᠦᠨ᠂ ᠰᠢᠭᠦᠬᠦ ᠬᠤᠷᠢᠶ᠎ᠠ᠂ ᠬᠥᠨᠳᠡᠯᠡᠨ ᠠᠴᠠ ᠲᠠᠰᠤᠯᠬᠤ ᠬᠤᠷᠢᠶ᠎ᠠ ᠶᠢᠨ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠲᠤᠰᠬᠠᠢ ᠮᠡᠷᠭᠡᠵᠢᠯ ᠤᠨ ᠴᠢᠨᠠᠷ  ᠡᠷᠬᠡ ᠰᠦᠷᠲᠦ ᠴᠢᠨᠠᠷ ᠤᠨ ᠳᠠᠪᠠᠭᠤᠯᠢᠭ ᠢ ᠠᠰᠢᠭᠯᠠᠨ᠂ ᠰᠢᠨ᠎ᠡ ᠴᠠᠭ ᠦᠶ᠎ᠡ ᠶᠢᠨ ᠬᠥᠳᠡᠯᠮᠦᠷᠢ ᠶᠢᠨ ᠬᠦᠷᠢᠶᠡᠨ ᠳᠠᠬᠢ ︽ᠹᠧᠩ ᠴᠢᠶᠣᠤ ᠶᠢᠨ ᠲᠤᠷᠰᠢᠯᠭ᠎ᠠ︾᠎ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠳᠠᠯᠢ ᠴᠢᠭᠯᠡᠯ ᠢᠶᠠᠷ ᠬᠦᠴᠦᠯᠡᠨ᠂ ᠠᠳᠠᠯᠢ ᠳᠠᠪᠲᠠᠮᠵᠢ ᠪᠠᠷ ᠴᠤᠤᠷᠢᠶᠠᠲᠤᠭᠤᠯᠵᠤ᠂ ᠠᠵᠢᠯᠲᠠᠨ ᠠᠵᠢᠯᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ ᠠᠵᠢᠯᠲᠠᠨ ᠠᠵᠢᠯᠴᠢᠨ ᠲᠦᠮᠡᠨ ᠤ ᠵᠦᠢ ᠶᠣᠰᠣᠨ ᠤ ᠠᠰᠢᠭ ᠲᠤᠰᠠ ᠶᠢ ᠪᠠᠲᠤᠯᠠᠵᠤ᠂ ᠬᠥᠳᠡᠯᠮᠦᠷᠢ ᠶᠢᠨ ᠬᠠᠷᠢᠴᠠᠭᠠᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠦᠭᠡᠶᠢᠰᠭᠡᠵᠣ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号