ᠥᠪᠥᠷ ᠮᠣᠩᠭᠤᠯ ᠤᠨ ᠳᠡᠭᠡᠳᠦ ᠰᠢᠨ᠎ᠡ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ  ᠣᠷᠢᠨ ᠠᠪᠴᠢᠷᠠᠬᠤ ᠠᠯᠪᠠᠨ ᠵᠠᠷ
ᠨᠡᠶᠢᠲᠡᠯᠡᠭᠰᠡᠨ ᠴᠠᠭ᠄
2024/3/20
   ᠥᠪᠥᠷ ᠮᠣᠩᠭᠤᠯ ᠤᠨ ᠲᠡᠭᠡᠳᠣ ᠰᠢᠨ᠎ᠠ ᠬᠤᠪᠢ ᠡᠵᠡᠮᠳᠡᠬᠦ ᠬᠢᠵᠠᠭᠠᠷᠲᠤ ᠺᠣᠮᠫᠠᠨᠢ ︵ᠳᠣᠷᠣᠭᠰᠢ ︽ᠺᠣᠮᠫᠠᠨᠢ︾ ᠭᠡᠵᠦ ᠲᠣᠪᠴᠢᠯᠠᠨ᠎ᠠ︶᠎ ᠶᠢᠨ 2001 ᠣᠨ ᠳᠤ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠨ ᠪᠠᠶᠢᠭᠤᠯᠤᠭᠰᠠᠨ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠺᠣᠮᠫᠠᠨᠢ ᠶᠢᠨ ᠭᠤᠣᠯ ᠲᠤᠬᠠᠶᠢᠯᠠᠭᠰᠠᠨ ᠠᠵᠢᠯ ᠨᠢ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠪᠣᠯᠣᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠥᠲᠥᠯᠥᠨ ᠵᠢᠯᠤᠭᠤᠳᠬᠤ ᠴᠢᠨᠠᠷᠲᠠᠢ ᠪᠡᠯᠡ ᠣᠷᠣᠭᠤᠯᠤᠯᠲᠠ ᠶᠢᠨ ᠡᠭᠦᠷᠭᠡ ᠴᠢᠳᠠᠪᠤᠷᠢ ᠪᠠ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠺᠣᠮᠫᠠᠨᠢ ᠤᠷᠢᠳ ᠬᠤᠵᠢᠳ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠪᠣᠷ ᠰᠢᠷᠣᠢ ᠶᠢᠨ ᠠᠷᠠᠯᠵᠢᠶ᠎ᠠ ᠵᠢᠴᠢ ᠨᠠᠷᠢᠯᠢᠭ ᠡᠳ᠋ᠰᠢᠭᠦᠯᠭᠡ᠂ ᠵᠡᠰ ᠬᠠᠶᠢᠯᠤᠭᠤᠯᠤᠨ ᠡᠳ᠋ᠰᠢᠭᠦᠯᠭᠡ᠂ ᠢᠯᠴᠢ ᠬᠠᠩᠭᠠᠬᠤ ᠵᠡᠷᠭᠡ ᠬᠦᠷᠢᠶᠡᠨ ᠳᠤ 24 ᠭᠠᠳᠠᠭᠠᠳᠣ ᠪᠡᠯᠡᠳᠣ ᠠᠵᠤ ᠠᠬᠤᠶᠢᠯᠠᠯ ᠳᠤ ᠪᠡᠯᠡ ᠣᠷᠣᠭᠤᠯᠪᠠ᠃    ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠰᠤᠳᠤᠯᠬᠤ ᠪᠠᠷ ᠳᠡᠮᠵᠢᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠨᠳᠤᠭᠤᠯᠤᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ  ᠣᠷᠢᠨ ᠠᠪᠴᠢᠷᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ  ᠎ ᠢ ᠳᠣᠣᠷᠠᠬᠢ ᠮᠡᠲᠦ ᠵᠠᠷᠯᠠᠶ᠎ᠠ᠃    ᠨᠢᠭᠡ᠂ ᠣᠷᠢᠬᠤ ᠲᠥᠯᠥᠪᠯᠡᠭᠡ     ᠲᠣᠰ ᠤᠳᠠᠭ᠎ᠠ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ 10 ᠬᠥᠮᠥᠨ ᠣᠷᠢᠬᠤ ᠪᠠᠷ ᠲᠥᠯᠥᠪᠯᠡᠵᠦ ᠪᠣᠶ᠂ ᠪᠣᠳᠠᠲᠠᠢ ᠪᠠᠶᠢᠳᠠᠯ ᠢ ︽ᠥᠪᠥᠷ ᠮᠣᠩᠭᠤᠯ ᠤᠨ ᠳᠡᠭᠡᠳᠦ ᠰᠢᠨ᠎ᠡ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠣᠷᠢᠨ ᠠᠪᠴᠢᠷᠠᠬᠤ ᠠᠵᠢᠯ ᠤᠨ ᠪᠠᠶᠢᠷᠢ ᠶᠢᠨ ᠬᠦᠰᠦᠨᠦᠭᠲᠦ︾ ︵ᠳᠠᠭᠠᠯᠳᠤᠭᠤᠯᠤᠯ 1︶᠎ ᠳᠤ ᠨᠠᠷᠢᠪᠴᠢᠯᠠᠨ ᠦᠵᠡᠭᠡᠷᠡᠢ᠃     ᠬᠤᠶᠠᠷ᠂ ᠣᠷᠢᠬᠤ ᠨᠥᠬᠦᠴᠡᠯ     ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠳᠡᠭ᠂ ᠦᠵᠡᠯ ᠰᠠᠨᠠᠭᠠᠨ ᠤ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠶᠣᠰᠣ ᠮᠣᠷᠠᠯ ᠲᠠᠢ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠲᠣᠬᠢᠷᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ  ᠃     ︵ᠬᠤᠶᠠᠷ︶ ᠪᠥᠬᠦ ᠤᠯᠤᠰ ᠤᠨ ︽985᠂ 211︾ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ︵2024 ᠬᠤᠭᠤᠴᠠᠭᠠᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠪᠠᠭᠲᠠᠨ᠎ᠠ︶᠂ ᠣᠨ ᠤ QS ᠳᠡᠯᠡᠬᠡᠢ ᠶᠢᠨ ᠶᠡᠭᠡ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 500 ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ︵ᠡᠷᠬᠡᠪᠰᠢ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠢᠶᠠᠷ ᠭᠡᠷᠡᠴᠢᠯᠡᠭᠦᠯᠬᠦ ᠬᠡᠷᠡᠭᠲᠡᠢ  ᠃      ︵ᠭᠤᠷᠪᠠ︶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠶᠢ ᠣᠷᠣᠭᠤᠯᠬᠤ ᠨᠠᠰᠤ ᠨᠢ ᠪᠦᠬᠦᠯᠢ 28 ᠨᠠᠰᠤ ︵1996 ᠣᠨ ᠤ 3 ᠰᠠᠷ᠎ᠠ ᠶᠢᠨ 15᠎ ᠤ ᠡᠳᠦᠷ ᠠᠴᠠ ᠰᠡᠭᠦᠯᠡᠷ ᠲᠥᠷᠥᠭᠰᠡᠨ︶᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠨᠠᠰᠤ ᠨᠢ ᠪᠦᠬᠦᠯᠢ 35 ᠨᠠᠰᠤ ︵1989 ᠣᠨ ᠤ 3 ᠰᠠᠷ᠎ᠠ ᠶᠢᠨ 15᠎ ᠤ ᠡᠳᠦᠷ ᠠᠴᠠ ᠰᠡᠭᠦᠯᠡᠷ ᠲᠥᠷᠥᠭᠰᠡᠨ︶᠂ ᠵᠢᠩᠬᠢᠨᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠣᠯᠣᠭᠰᠠᠨ ᠪᠤᠶᠤ ᠳ᠋ᠣᠺᠲ᠋ᠣᠷ ᠴᠣᠯᠠ ᠣᠯᠣᠭᠰᠠᠨ ᠬᠥᠮᠥᠰ᠂ ᠡᠩ ᠤᠨ ᠪᠠᠶᠢᠳᠠᠯ ᠳᠤ ᠪᠦᠬᠦᠯᠢ 45 ᠨᠠᠰᠤ ︵1979 ᠣᠨ ᠤ 3 ᠰᠠᠷ᠎ᠠ ᠶᠢᠨ 15᠎ ᠤ ᠡᠳᠦᠷ ᠠᠴᠠ ᠰᠡᠭᠦᠯᠡᠷ ᠲᠥᠷᠥᠭᠰᠡᠨ︶᠎ ᠲᠠᠢ ᠪᠠᠶᠢᠬᠤ  ᠃     ︵ᠳᠥᠷᠪᠡ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠬᠥᠮᠥᠰ ᠲᠣᠰ ᠤᠳᠠᠭᠠᠨ ᠤ ᠴᠢᠳᠠᠪᠤᠷᠢᠲᠠᠨ ᠢ  ᠣᠷᠢᠨ ᠠᠪᠴᠢᠷᠠᠬᠤ ᠬᠡᠪᠴᠢᠶᠡᠨ ᠳᠤ  ᠪᠠᠭᠲᠠᠬᠤ ᠦᠭᠡᠢ  ᠃    1. ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ︵ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠᠭᠲᠠᠬᠤ ᠦᠭᠡᠢ︶    2. ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠲᠤᠰᠠᠭᠠᠷ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠨᠠᠶᠢᠳᠠᠯᠭ᠎ᠠ ᠪᠠᠷ ᠬᠥᠮᠥᠵᠢᠭᠦᠯᠦᠭᠰᠡᠨ᠂ ᠬᠠᠨᠳᠤᠯᠭ᠎ᠠ ᠲᠠᠢ ᠪᠠᠷ ᠬᠥᠮᠥᠵᠢᠭᠦᠯᠦᠭᠰᠡᠨ ᠪᠠ ᠬᠠᠮᠲᠤᠷᠠᠨ ᠰᠤᠷᠭᠠᠭᠤᠯᠢ ᠡᠷᠬᠢᠯᠡᠵᠤ ᠪᠠᠶᠢᠭ᠎ᠠ ᠲᠡᠭᠦᠰᠦᠭᠰᠡᠳ  ᠃    3. ᠬᠠᠤᠯᠢ ᠶᠣᠰᠣᠭᠠᠷ ᠢᠲᠡᠭᠡᠯ ᠠᠯᠳᠠᠭᠰᠠᠳ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ᠃    4. ᠬᠠᠤᠯᠢ ᠶᠢ ᠵᠥᠷᠢᠴᠡᠵᠦ ᠶᠠᠯ᠎ᠠ ᠬᠢᠭᠡᠳ ᠡᠷᠡᠭᠦᠦ ᠶᠢᠨ ᠬᠡᠷᠡᠭ ᠢᠶᠠᠷ  ᠰᠢᠢᠳᠬᠡᠭᠳᠡᠵᠦ ᠥᠩᠭᠡᠷᠡᠭᠰᠡᠨ ᠪᠤᠶᠤ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ ᠬᠥᠮᠥᠰ  ᠃    5. ᠬᠠᠤᠯᠢ ᠪᠠᠷᠢᠬᠤ ᠪᠠᠶᠢᠭᠤᠯᠭ᠎ᠠ ᠶᠢᠨ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ ᠶᠢ ᠬᠦᠯᠢᠶᠡᠵᠦ ᠪᠠᠶᠢᠭ᠎ᠠ ᠠᠵᠢᠯᠲᠠᠨ  ᠃    6. ᠨᠠᠮ ᠤᠨ ᠰᠠᠬᠢᠯᠭ᠎ᠠ ᠪᠠᠲᠤ ᠶᠢᠨ ᠵᠠᠰᠠᠭ ᠤᠨ ᠶᠠᠪᠤᠳᠠᠯ ᠤᠨ ᠰᠢᠢᠳᠬᠡᠯ᠂ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠶᠢ ᠣᠯᠣᠭᠰᠠᠨ ᠪᠤᠶᠤ ᠢᠳᠬᠠᠨ ᠴᠡᠭᠡᠷᠯᠡᠭᠦᠯᠵᠦ ᠶᠠᠷᠢᠯᠴᠠᠭᠤᠯᠤᠭᠰᠠᠨ ᠪᠥᠭᠡᠳ ᠨᠥᠯᠥᠭᠡᠯᠡᠭᠰᠡᠨ ᠬᠤᠭᠤᠴᠠᠭᠠᠨ ᠳᠤ ᠪᠠᠶᠢᠭ᠎ᠠ ᠬᠥᠮᠥᠰ  ᠃    7. ᠵᠢᠩᠬᠢᠨᠢ ᠠᠯᠪᠠᠨ ᠤ ᠴᠡᠷᠢᠭ  ᠃    8. ᠡᠯᠰᠡᠨ ᠬᠡᠷᠡᠭᠯᠡᠭᠰᠡᠨ ᠤ ᠲᠠᠷᠠᠭ᠎ᠠ ᠳᠠᠷᠤᠢ ᠵᠠᠶᠢᠯᠠᠬᠤ ᠬᠠᠷᠢᠴᠠᠭ᠎ᠠ ᠲᠠᠢ ᠠᠵᠢᠯ ᠤᠨ ᠪᠠᠶᠢᠷᠢ ᠳᠤ ᠭᠠᠷᠤᠭᠰᠠᠨ ᠬᠥᠮᠥᠰ  ᠃    9. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠤᠷᠢᠭᠳᠠᠵᠤ ᠪᠣᠯᠬᠤ ᠦᠭᠡᠢ ᠪᠠ ᠤᠷᠢᠨ ᠬᠡᠷᠡᠭᠯᠡᠵᠦ ᠪᠣᠯᠬᠤ ᠦᠭᠡᠢ ᠪᠤᠰᠤᠳ ᠪᠠᠶᠢᠳᠠᠯ᠃    ᠭᠤᠷᠪᠠ᠂ ᠣᠷᠢᠬᠤ ᠠᠷᠭ᠎ᠠ ᠮᠠᠶ᠋ᠢᠭ ᠵᠢᠴᠢ ᠠᠯᠬᠤᠮ ᠳᠠᠷᠠᠭ᠎ᠠ    ᠲᠣᠰ ᠤᠳᠠᠭᠠᠨ ᠤ ᠴᠢᠳᠠᠪᠤᠷᠢᠲᠠᠨ ᠢ ᠣᠷᠢᠨ ᠠᠪᠴᠢᠷᠠᠬᠤ ᠳᠤ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ ᠰᠢᠯᠠᠭᠠᠷᠠᠭᠤᠯᠣᠨ᠎ᠠ᠂ ᠠᠯᠪᠠᠨ ᠵᠠᠷ ᠨᠡᠶᠢᠲᠡᠯᠡᠬᠦ᠂ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ᠂ ᠢᠯᠡ ᠨᠡᠶᠢᠲᠡᠯᠡᠬᠦ᠂ ᠤᠷᠢᠨ ᠬᠡᠷᠡᠭᠯᠡᠬᠦ ᠵᠡᠷᠭᠡ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃     ︵ᠨᠢᠭᠡ︶ ᠠᠯᠪᠠᠨ ᠵᠠᠷ ᠨᠡᠶᠢᠲᠡᠯᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠎ ᠪᠠᠷ ᠳᠠᠮᠵᠢᠭᠤᠯᠤᠨ ᠨᠡᠶᠢᠭᠡᠮ ᠳᠤ ᠴᠢᠳᠠᠪᠤᠷᠢᠲᠠᠨ ᠢ ᠣᠷᠢᠨ ᠠᠪᠴᠢᠷᠠᠬᠤ ᠠᠯᠪᠠᠨ ᠵᠠᠷ ᠨᠡᠶᠢᠲᠡᠯᠡᠨ᠎ᠡ  ᠃     ︵ᠬᠤᠶᠠᠷ︶ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ ᠳᠤ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠰᠦᠯᠵᠢᠶ᠎ᠡ ᠪᠠᠷ ᠨᠡᠷ᠎ᠡ ᠮᠡᠳᠡᠭᠦᠯᠬᠦ ᠳᠤ ᠲᠣᠭᠲᠠᠭᠰᠠᠨ ᠰᠢᠤᠳᠠᠨ ᠬᠠᠶᠢᠷᠴᠠᠭ ︵btxtgxqsy@163.com︶᠎ ᠢᠶᠠᠷ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ ᠨᠡᠷ᠎ᠡ ᠮᠡᠳᠡᠭᠦᠯᠵᠦ ᠪᠣᠯᠣᠨ᠎ᠠ᠃ 1. ᠨᠡᠷ᠎ᠡ ᠮᠡᠳᠡᠭᠦᠯᠬᠦ ᠴᠠᠭ᠄ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠴᠠᠭ ᠨᠢ 2024 ᠣᠨ ᠤ 3 ᠰᠠᠷ᠎ᠠ ᠶᠢᠨ 25᠎ ᠤ ᠡᠳᠦᠷ ᠤᠨ 17᠄ 00 ︵ᠰᠢᠤᠳᠠᠨ ᠤ ᠵᠦᠢᠯ ᠢ ᠭᠥᠯᠢᠶᠡᠨ ᠠᠪᠤᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ︶ ᠪᠣᠯᠣᠨ᠎ᠠ᠃ 2. ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠨᠡᠷ᠎ᠡ ᠮᠡᠳᠡᠭᠦᠯᠦᠭᠰᠡᠳ ᠨᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn ᠎ ᠠᠴᠠ ︽ᠥᠪᠥᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠣᠷᠢᠨ ᠠᠪᠴᠢᠷᠠᠬᠤ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2᠎ ᠢ ᠦᠵᠡ︶᠎ ᠶᠢ ᠪᠠᠭᠤᠯᠭᠠᠨ ᠠᠪᠬᠤ ᠶᠢᠨ ᠬᠠᠮᠲᠤ ᠲᠠᠭᠯᠠᠵᠤ ᠨᠡᠷ᠎ᠡ ᠮᠡᠳᠡᠭᠦᠯᠵᠦ ᠪᠣᠯᠣᠨ᠎ᠠ᠃ ᠨᠡᠷ᠎ᠡ ᠮᠡᠳᠡᠭᠦᠯᠬᠦ ᠳᠤ ᠲᠤᠰᠢᠶᠠᠬᠤ ᠶᠣᠰᠣᠲᠠᠢ ᠮᠠᠲ᠋ᠧᠷᠢᠶᠠᠯ᠄ ︵1︶ ︽ᠥᠪᠥᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠱᠠᠭᠠᠷᠳᠠᠭᠳᠠᠵᠤ ᠪᠠᠶᠢᠭ᠎ᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠣᠷᠢᠨ ᠠᠪᠴᠢᠷᠠᠬᠤ ᠪᠠᠷ ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭᠲᠦ︾᠃ ︵2︶ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠮᠠᠯᠠᠭᠠᠢ ᠦᠭᠡᠢ ᠡᠯᠧᠺᠲᠷᠣᠨ ᠬᠡᠷᠡᠯ ᠵᠢᠷᠤᠭ ︵ᠬᠥᠬᠡ ᠥᠩᠭᠡ ᠶᠢᠨ ᠬᠦᠰᠢᠭᠡ︶᠂ ᠬᠤᠪᠢ ᠬᠥᠮᠥᠨ ᠤ ᠪᠡᠶ᠎ᠡ ᠶᠢᠨ ᠦᠨᠡᠮᠯᠡᠯ ︵ᠠᠷᠣ ᠦᠪᠦᠷ ᠲᠠᠯ᠎ᠠ︶᠎ ᠤᠨ ᠰᠢᠷᠪᠢᠯᠲᠡ ᠶᠢᠨ ᠮᠠᠲ᠋ᠧᠷᠢᠶᠠᠯ  ᠃ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ᠂ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠰᠢᠯᠭᠠᠨ ᠪᠠᠲᠤᠯᠠᠯᠲᠠ ᠶᠢᠨ ᠮᠡᠳᠡᠭᠦᠯᠦᠯᠲᠡ ︵︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ︾᠎ ᠳᠤ ᠣᠷᠣᠵᠤ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯᠲᠡ ᠶᠢᠨ ᠮᠡᠳᠡᠭᠦᠯᠦᠯᠲᠡ︾᠎ ᠶᠢ ᠣᠯᠬᠤ ᠴᠢᠬᠤᠯᠠᠲᠠᠢ︶᠂ ᠰᠢᠯᠭᠠᠨ ᠪᠠᠲᠤᠯᠠᠬᠤ ᠬᠤᠭᠤᠴᠠᠭ᠎ᠠ ᠨᠢ ᠬᠢᠷᠢ ᠬᠡᠮ ᠤᠨ ᠬᠢᠨᠠᠨ ᠪᠠᠶᠢᠴᠠᠭᠠᠯᠲᠠ ᠳᠠᠭᠤᠰᠬᠤ ᠠᠴᠠ ᠡᠮᠦᠨ᠎ᠡ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾᠎ ᠳᠤ ᠰᠤᠷᠤᠯᠭ᠎ᠠ ᠶᠢᠨ ᠨᠠᠮᠲᠠᠷ ᠤᠨ ᠬᠡᠯᠪᠡᠷᠢ ᠶᠢ ᠢᠯᠡᠷᠡᠭᠦᠯᠦᠭᠰᠡᠨ ᠦᠭᠡᠢ ᠪᠠᠶᠢᠪᠠᠯ᠂ ᠡᠷᠬᠡᠪᠰᠢ ᠰᠤᠷᠤᠯᠭ᠎ᠠ ᠲᠡᠭᠦᠰᠦᠭᠰᠡᠨ ᠰᠤᠷᠭᠠᠭᠤᠯᠢ ᠶᠢᠨ ᠰᠤᠷᠤᠯᠭ᠎ᠠ ᠶᠢᠨ ᠬᠡᠯᠪᠡᠷᠢ ᠶᠢᠨ ᠲᠤᠬᠠᠢ ᠭᠡᠷᠡᠴᠢ ᠶᠢ ᠬᠠᠩᠭᠠᠬᠤ ᠬᠡᠷᠡᠭᠲᠡᠢ  ᠃ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ︾᠎ ᠶᠢ ᠲᠤᠰᠢᠶᠠᠨ᠎ᠠ᠃ ᠳᠡᠭᠡᠷᠡᠬᠢ ᠮᠠᠲ᠋ᠧᠷᠢᠶᠠᠯ ᠢ ᠴᠥᠮ ᠵᠢᠭᠠᠨ ᠲᠣᠭᠲᠠᠭᠠᠭᠰᠠᠨ ᠬᠡᠪ ︵ᠳᠠᠭᠠᠯᠳᠤᠭᠤᠯᠤᠯ 3᠎ ᠶᠢ ᠦᠵᠡ︶ ᠵᠠᠭᠪᠤᠷ ᠢᠶᠠᠷ ᠬᠠᠪᠴᠢᠭᠤᠯᠤᠭᠰᠠᠨ ᠤ ᠳᠠᠷᠠᠭ᠎ᠠ ᠡᠷᠬᠡᠪᠰᠢ pdf ᠵᠠᠭᠪᠤᠷ ᠲᠤ ᠰᠢᠯᠵᠢᠭᠦᠯᠦᠭᠰᠡᠨ ᠤ ᠳᠠᠷᠠᠭ᠎ᠠ ᠳᠠᠬᠢᠨ ᠲᠤᠰᠢᠶᠠᠵᠤ ᠢᠯᠡᠭᠡᠬᠦ ᠬᠡᠷᠡᠭᠲᠡᠢ᠂ ᠡᠷᠬᠡᠪᠰᠢ ᠰᠢᠤᠳᠠᠨ ᠤ ᠵᠦᠢᠯ ᠢ ᠵᠥᠪ ᠢᠯᠡᠭᠡᠬᠦ᠂ ᠳᠠᠮᠵᠢᠭᠤᠯᠬᠤ ᠵᠠᠭᠪᠤᠷ ᠢ ᠵᠥᠪ ᠣᠨᠣᠪᠴᠢᠲᠠᠶ ᠶᠠᠪᠤᠭᠤᠯᠬᠤ ᠶᠢ ᠪᠠᠲᠤᠯᠠᠬᠤ ᠬᠡᠷᠡᠭᠲᠡᠢ ︵ᠡᠷᠬᠡᠪᠰᠢ pdf ᠵᠠᠭᠪᠤᠷ ᠤᠨ ᠵᠥᠪ ᠣᠨᠣᠪᠴᠢᠲᠠᠶ᠂ ᠪᠤᠷᠤᠭᠤ ᠮᠥᠷ ᠦᠭᠡᠢ᠂ ᠨᠢᠭᠤᠷ ᠭᠡᠭᠡᠬᠦ ᠦᠭᠡᠢ ᠵᠡᠷᠭᠡ ᠪᠠᠶᠢᠳᠠᠯ ᠢ ᠪᠠᠲᠤᠯᠠᠵᠤ᠂ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ︶᠃ ᠢᠯᠡᠭᠡᠬᠦ ᠪᠠᠷ ᠲᠤᠰᠢᠶᠠᠭᠰᠠᠨ ᠰᠢᠤᠳᠠᠨ ᠤ ᠵᠦᠢᠯ ᠤᠨ ᠭᠠᠷᠴᠠᠭ ᠨᠢ ︽ᠴᠢᠳᠠᠪᠤᠷᠢᠲᠠᠨ ᠢ ᠣᠷᠢᠨ ᠠᠪᠴᠢᠷᠠᠬᠤ + ᠣᠪᠣᠭ ᠨᠡᠷ᠎ᠡ︾ ᠪᠣᠯᠣᠨ᠎ᠠ  ᠂ ᠲᠣᠬᠠᠶᠢᠯᠠᠪᠠᠯ᠄ ᠴᠢᠳᠠᠪᠤᠷᠢᠲᠠᠨ ᠢ ᠣᠷᠢᠨ ᠠᠪᠴᠢᠷᠠᠬᠤ + ᠯᠢ  ××᠃ 3. ᠨᠡᠷ᠎ᠡ ᠮᠡᠳᠡᠭᠦᠯᠬᠦ ᠱᠠᠭᠠᠷᠳᠠᠯᠭ᠎ᠠ ︵1︶ ᠨᠡᠷ᠎ᠡ ᠮᠡᠳᠡᠭᠦᠯᠦᠭᠰᠡᠳ ᠠᠯᠪᠠᠨ ᠵᠠᠷ ᠪᠠ ᠠᠵᠢᠯ ᠤᠨ ᠪᠠᠶᠢᠷᠢ ᠶᠢᠨ ᠬᠦᠰᠦᠨᠦᠭᠲᠦ ᠶᠢ ᠨᠠᠷᠢᠨ ᠬᠢᠨᠠᠮᠠᠭᠠᠢ ᠤᠩᠰᠢᠵᠤ᠂ ᠬᠤᠪᠢ ᠬᠥᠮᠥᠨ ᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ ᠶᠢ ᠨᠠᠷᠢᠨ ᠢᠯᠭᠠᠬᠤ ᠬᠡᠷᠡᠭᠲᠡᠢ᠃ ︵2︶ ᠤᠷᠢᠭᠳᠠᠭᠰᠠᠳ ᠡᠷᠬᠡᠪᠰᠢ ᠰᠦᠯᠵᠢᠶᠡᠨ ᠳᠡᠭᠡᠷ᠎ᠡ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠂ ᠪᠦᠲᠦᠮᠵᠢᠲᠦ ᠴᠢᠨᠠᠷ ᠲᠤ ᠬᠠᠷᠢᠭᠤᠴᠠᠬᠤ ᠬᠡᠷᠡᠭᠲᠡᠢ᠂ ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠂ ᠣᠨᠣᠪᠴᠢ ᠦᠭᠡᠢ᠂ ᠪᠦᠷᠢᠨ ᠭᠦᠢᠴᠡᠳ ᠪᠤᠰᠤ  ᠎ ᠠᠴᠠ ᠪᠣᠯᠵᠤ ᠨᠡᠷ᠎ᠡ ᠮᠡᠳᠡᠭᠦᠯᠬᠦ᠂ ᠨᠢᠭᠤᠷᠲᠠᠨ ᠰᠢᠯᠭᠠᠬᠤ ᠪᠤᠶᠤ ᠤᠷᠢᠵᠤ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ ᠬᠠᠷᠢᠭᠤᠴᠠᠯᠭ᠎ᠠ ᠶᠢ ᠥᠪᠡᠷ ᠢᠶᠠᠨ ᠬᠠᠷᠢᠭᠤᠴᠠᠨ᠎ᠠ᠃ ᠨᠡᠷ᠎ᠡ ᠮᠡᠳᠡᠭᠦᠯᠬᠦ ᠦᠶ᠎ᠡ ᠳᠤ ᠦᠯᠡᠳᠡᠭᠡᠭᠰᠡᠨ ᠤᠲᠠᠰᠤᠨ ᠤ ᠨᠣᠮᠧᠷ ᠨᠢ ᠴᠢᠳᠠᠪᠤᠷᠢᠲᠠᠨ ᠣᠷᠢᠬᠤ ᠬᠤᠭᠤᠴᠠᠭᠠᠨ ᠳᠤ ᠡᠷᠬᠡᠪᠰᠢ ᠰᠠᠭᠠᠳ ᠦᠭᠡᠢ ᠪᠠᠶᠢᠬᠤ ᠬᠡᠷᠡᠭᠲᠡᠢ᠂ ᠤᠲᠠᠰᠤᠨ ᠤ ᠨᠣᠮᠧᠷ ᠨᠢ ᠨᠡᠪᠲᠡᠷᠡᠬᠦ ᠠᠷᠭ᠎ᠠ ᠦᠭᠡᠢ ᠪᠤᠶᠤ ᠦᠯᠡᠳᠡᠭᠡᠭᠰᠡᠨ ᠤᠲᠠᠰᠤᠨ ᠤ ᠨᠣᠮᠧᠷ ᠨᠢ ᠪᠤᠷᠤᠭᠤᠳᠠᠭᠰᠠᠨ ᠠᠴᠠ ᠪᠣᠯᠵᠤ ᠲᠣᠰ ᠬᠥᠮᠥᠨ ᠤ ᠴᠢᠳᠠᠪᠤᠷᠢᠲᠠᠨ ᠣᠷᠣᠭᠤᠯᠵᠤ ᠠᠪᠴᠢᠷᠠᠬᠤ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ ᠥᠪᠡᠷ ᠢᠶᠠᠨ ᠬᠠᠷᠢᠭᠤᠴᠠᠨ᠎ᠠ᠃ ︵3︶ ᠨᠡᠷ᠎ᠡ ᠮᠡᠳᠡᠭᠦᠯᠬᠦ ᠦᠶ᠎ᠡ ᠳᠤ ᠡᠷᠬᠡᠪᠰᠢ ᠲᠣᠰ ᠬᠥᠮᠥᠨ ᠤ ᠣᠶᠢᠷ᠎ᠠ ᠶᠢᠨ ᠬᠤᠭᠤᠴᠠᠭᠠᠨ ᠤ ᠨᠢᠭᠤᠷ ᠲᠠᠯ᠎ᠠ ᠶᠢᠨ ᠬᠥᠬᠡ ᠥᠩᠭᠡ ᠶᠢᠨ ᠬᠦᠰᠢᠭᠡᠳᠣ ᠮᠠᠯᠠᠭᠠᠢ ᠦᠭᠡᠢ ᠳ᠋ᠠᠶᠢᠲᠨ ᠪᠤᠳᠤᠭᠲᠤ ᠬᠡᠷᠡᠯ ᠵᠢᠷᠤᠭ ᠢ ᠳᠠᠮᠵᠢᠭᠤᠯᠬᠤ ᠬᠡᠷᠡᠭᠲᠡᠢ᠂ ︽ᠨᠡᠷ᠎ᠡ ᠮᠡᠳᠡᠭᠦᠯᠬᠦ ᠬᠦᠰᠦᠨᠦᠭᠲᠦ︾᠎ ᠶᠢᠨ ᠵᠠᠭᠪᠣᠷ ᠢ ᠳᠤᠷ᠎ᠠ ᠪᠠᠷ ᠢᠶᠠᠨ ᠥᠭᠡᠷᠡᠴᠢᠯᠡᠵᠦ ᠪᠣᠯᠬᠤ ᠦᠭᠡᠢ᠃ ︵4︶ ᠤᠷᠢᠭᠳᠠᠭᠰᠠᠳ ᠲᠣᠪᠴᠢ ᠨᠠᠮᠲᠠᠷ ᠢᠶᠠᠨ ᠲᠠᠭᠯᠠᠬᠤ ᠳᠠᠭᠠᠨ ᠲᠡᠭᠡᠳᠣ ᠳᠤᠮᠳᠠᠳᠤ ᠰᠤᠷᠭᠠᠭᠤᠯᠢ ᠶᠢᠨ ᠦᠶ᠎ᠡ ᠠᠴᠠ ᠣᠳᠣ ᠪᠣᠯᠲᠠᠯᠠᠬᠢ ᠪᠦᠬᠦ ᠥᠩᠭᠡᠷᠡᠯᠲᠡ ᠪᠠᠨ ᠪᠦᠷᠢᠨ ᠲᠠᠭᠯᠠᠵᠤ᠂ ᠴᠠᠭ ᠬᠤᠭᠤᠴᠠᠭ᠎ᠠ ᠶᠢ ᠨᠢ ᠲᠠᠰᠤᠯᠳᠠᠭᠤᠯᠬᠤ ᠪᠤᠶᠤ ᠬᠤᠭᠤᠰᠤᠨ ᠪᠠᠶᠢᠯᠭᠠᠵᠤ ᠪᠣᠯᠬᠤ ᠦᠭᠡᠢ᠃ ᠰᠤᠷᠤᠯᠴᠠᠭᠰᠠᠨ ᠥᠩᠭᠡᠷᠡᠯᠲᠡ᠄ ᠰᠤᠷᠭᠠᠭᠤᠯᠢ ᠳᠤ ᠣᠷᠣᠬᠤ ︵ᠲᠡᠭᠡᠳᠣ ᠵᠡᠷᠭᠡ ᠶᠢᠨ ᠳᠤᠮᠳᠠᠳᠤ ᠰᠤᠷᠭᠠᠭᠤᠯᠢ᠂ ᠵᠢᠩᠬᠢᠨᠢ ᠠᠩᠭᠢ᠂ ᠠᠰᠫᠢᠷᠠᠨᠲ᠂ ᠳ᠋ᠣᠺᠲ᠋ᠣᠷ︶᠎ ᠶᠢᠨ ᠡᠬᠢᠯᠡᠯᠲᠡ ᠲᠡᠭᠦᠰᠬᠡᠯ ᠤᠨ ᠣᠨ ᠰᠠᠷ᠎ᠠ᠂ ᠳᠡᠭᠡᠳᠦ ᠰᠤᠷᠭᠠᠭᠤᠯᠢ᠂ ᠰᠠᠯᠪᠤᠷᠢ᠂ ᠲᠤᠰᠬᠠᠢ ᠮᠡᠷᠭᠡᠵᠢᠯ᠂ ᠡᠷᠳᠡᠮ ᠤᠨ ᠴᠣᠯᠠ ᠶᠢ ᠲᠠᠭᠯᠠᠨ᠎ᠠ᠃ ᠠᠵᠢᠯ ᠤᠨ ᠲᠣᠪᠴᠢ ᠨᠠᠮᠲᠠᠷ᠄ ᠨᠡᠷ᠎ᠡ ᠮᠡᠳᠡᠭᠦᠯᠬᠦ ᠡᠳᠦᠷ ᠪᠣᠯᠲᠠᠯᠠᠬᠢ ᠠᠵᠢᠯ ᠤᠨ ᠥᠩᠭᠡᠷᠡᠯᠲᠡ ᠶᠢ ᠡᠬᠢᠯᠡᠵᠦ ᠠᠵᠢᠯᠯᠠᠭᠰᠠᠨ ᠣᠨ ᠰᠠᠷ᠎ᠠ᠂ ᠠᠵᠢᠯᠯᠠᠭᠰᠠᠨ ᠪᠤᠶᠤ ᠦᠢᠯᠡᠴᠢᠯᠡᠭᠡᠨ ᠤ ᠨᠢᠭᠡᠴᠢ᠂ ᠡᠷᠭᠢᠯᠡᠵᠦ ᠪᠠᠶᠢᠭ᠎ᠠ ᠠᠵᠢᠯ ᠢᠶᠠᠨ ᠲᠠᠭᠯᠠᠨ ᠪᠢᠴᠢᠨ᠎ᠡ᠃ ᠲᠣᠪᠴᠢ ᠨᠠᠮᠲᠠᠷ ᠤᠨ ᠵᠠᠭᠪᠤᠷ᠄ **** ᠣᠨ ᠤ ** ᠰᠠᠷ᠎ᠠ ︱ **** ᠣᠨ ᠤ ** ᠰᠠᠷ᠎ᠠ ᠶᠢᠨ ** ᠰᠤᠷᠭᠠᠭᠤᠯᠢ ᠶᠢᠨ ** ᠲᠤᠰᠬᠠᠢ ᠮᠡᠷᠭᠡᠵᠢᠯ ** ᠡᠷᠳᠡᠮ ᠤᠨ ᠴᠣᠯᠠ ᠣᠯᠪᠠ **** ᠣᠨ ᠤ ** ᠰᠠᠷ᠎ᠠ ︱ **** ᠣᠨ ᠤ ** ᠰᠠᠷ᠎ᠠ ᠶᠢᠨ ** ᠨᠢᠭᠡᠴᠢ **  ᠠᠵᠢᠯᠯᠠᠪᠠ᠃ ︵ᠭᠤᠷᠪᠠ︶ ᠬᠢᠷᠢ ᠬᠡᠮ ᠤᠨ ᠬᠢᠨᠠᠨ ᠬᠠᠷᠭᠤᠭᠤᠯᠤᠯᠲᠠ ᠳᠤ ᠨᠡᠷ᠎ᠡ ᠮᠡᠳᠡᠭᠦᠯᠦᠭᠰᠡᠳ ᠤᠨ ᠲᠤᠰᠢᠶᠠᠭᠰᠠᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠮᠠᠲ᠋ᠧᠷᠢᠶᠠᠯ ᠳᠤ ᠬᠢᠷᠢ ᠬᠡᠮ ᠤᠨ ᠬᠢᠨᠠᠨ ᠬᠠᠷᠭᠤᠭᠤᠯᠤᠯᠲᠠ ᠬᠢᠵᠦ᠂ ᠨᠢᠭᠤᠷᠲᠠᠨ ᠰᠢᠯᠭᠠᠬᠤ ᠨᠥᠬᠦᠴᠡᠯ ᠳᠤ ᠨᠡᠶᠢᠴᠡᠭᠰᠡᠨ ᠬᠥᠮᠥᠨ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn᠎ ᠳᠤ ᠨᠡᠶᠢᠲᠡᠯᠡᠨ᠎ᠡ᠃ ︵ᠳᠥᠷᠪᠡ︶ ᠨᠢᠭᠤᠷᠲᠠᠨ ᠰᠢᠯᠭᠠᠬᠤ ᠶᠢ ᠥᠪᠥᠷ ᠮᠣᠩᠭᠤᠯ ᠤᠨ ᠲᠡᠭᠡᠳᠣ ᠰᠢᠨ᠎ᠠ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ  ᠣᠷᠢᠨ‌ᠠᠪᠴᠢᠷᠠᠬᠤ ᠤᠳᠤᠷᠢᠳᠬᠤ ᠳᠤᠭᠤᠶᠢᠯᠠᠩ  ᠎ ᠠᠴᠠ ᠭᠤᠷᠪᠠᠳᠠᠭᠢ ᠡᠲᠡᠭᠡᠳ ᠲᠤ ᠨᠠᠶᠢᠳᠠᠵᠤ ᠨᠢᠭᠤᠷᠲᠠᠨ ᠰᠢᠯᠭᠠᠨ᠎ᠠ᠃ 1. ᠨᠢᠭᠤᠷᠲᠠᠨ ᠰᠢᠯᠭᠠᠬᠤ ᠴᠠᠭ᠂ ᠭᠠᠵᠠᠷ ᠵᠢᠴᠢ ᠪᠤᠰᠤᠳ ᠤᠴᠢᠷ ᠶᠠᠪᠤᠳᠠᠯ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠎ ᠪᠠᠷ ᠳᠠᠮᠵᠢᠭᠤᠯᠤᠨ ᠲᠣᠰᠬᠠᠶᠢᠯᠠᠨ ᠮᠡᠳᠡᠭᠳᠡᠨ᠎ᠡ᠃ 2. ᠲᠣᠰ ᠤᠳᠠᠭᠠᠨ ᠤ ᠴᠢᠳᠠᠪᠤᠷᠢᠲᠠᠨ ᠢ ᠣᠷᠢᠨ ᠠᠪᠴᠢᠷᠠᠬᠤ ᠳᠤ ᠪᠦᠲᠦᠴᠡ ᠶᠢᠨ ᠴᠢᠨᠠᠷᠲᠠᠢ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠠᠷᠪᠠᠲᠤ ᠶᠢᠨ ᠪᠤᠲᠠᠷᠬᠠᠢ ᠶᠢᠨ ᠴᠡᠭ ᠤᠨ ᠠᠷᠤ ᠳᠤ ᠬᠤᠶᠠᠷ ᠠᠷᠪᠠᠲᠤ ᠶᠢᠨ ᠪᠤᠲᠠᠷᠬᠠᠢ ᠶᠢ ᠦᠯᠡᠳᠡᠭᠡᠵᠦ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ 85 ᠬᠤᠪᠢ ᠠᠴᠠ ᠳᠡᠭᠡᠭᠰᠢ ᠪᠠᠶᠢᠪᠠᠯ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷᠠᠳᠤ ᠵᠡᠷᠭᠡ ᠶᠢᠨ ᠲᠤᠭ᠎ᠠ ᠪᠠᠷ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠲᠣᠭᠲᠠᠭᠠᠨ᠎ᠠ᠃ ᠣᠷᠢᠨ ᠠᠪᠴᠢᠷᠠᠬᠤ ᠲᠥᠯᠥᠪᠯᠡᠭᠡ ᠶᠢᠨ ᠳᠣᠲᠣᠷᠠᠬᠢ ᠬᠠᠮᠤᠭ ᠤᠨ ᠰᠡᠭᠦᠯᠴᠢ ᠶᠢᠨ ᠨᠢᠭᠡ ᠤᠷᠢᠭᠳᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠠᠳᠠᠯᠢᠬᠠᠨ ᠪᠣᠯᠪᠠᠯ᠂ ᠨᠡᠮᠡᠯᠲᠡ ᠰᠢᠯᠭᠠᠯᠲᠠ ᠬᠢᠵᠦ᠂ ᠨᠡᠮᠡᠯᠲᠡ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠪᠣᠭᠤᠨᠢ ᠶᠢᠨ ᠳᠠᠷᠠᠭᠠᠯᠠᠯ ᠢᠶᠠᠷ ᠳᠡᠮᠵᠢᠨ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃ 3. ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ᠂ ᠰᠢᠨᠵᠢᠯᠡᠨ ᠪᠠᠶᠢᠴᠠᠭᠠᠬᠤ ᠵᠢᠱᠢᠭᠳᠡᠭᠴᠢ ᠶᠢᠨ ᠨᠡᠷᠡᠰ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠎ ᠳᠤ ᠨᠡᠶᠢᠲᠡᠯᠡᠨ᠎ᠡ᠃ ︵ᠲᠠᠪᠤ︶ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠬᠢᠬᠦ 1. ᠪᠡᠶ᠎ᠡ ᠶᠢᠨ ᠪᠠᠶᠢᠴᠠᠭᠠᠯᠲᠠ᠃ ᠪᠡᠶ᠎ᠡ ᠶᠢᠨ ᠪᠠᠶᠢᠴᠠᠭᠠᠯᠲᠠ ᠶᠢ ᠴᠢᠳᠠᠪᠤᠷᠢᠲᠠᠨ ᠣᠷᠢᠨ ᠠᠪᠴᠢᠷᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨ᠎ᠡ᠃ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠤᠶᠤ ᠪᠠᠷᠢᠮᠵᠢᠶ᠎ᠠ ᠶᠢ ᠠᠯᠪᠠᠲᠠᠨ ᠡᠯᠰᠡᠨ ᠬᠡᠷᠡᠭᠯᠡᠬᠦ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠶᠠᠪᠤᠭᠳᠠᠭᠤᠯᠤᠨ᠎ᠠ᠂ ᠤᠷᠢᠭᠳᠠᠭᠰᠠᠳ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠦᠭᠡᠢ᠂ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠠᠳ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠦᠨᠡᠨ ᠪᠣᠰᠣ ᠪᠣᠯᠪᠠᠯ᠂ ᠲᠡᠭᠦᠨ ᠤ ᠤᠷᠢᠨ ᠬᠡᠷᠡᠭᠯᠡᠬᠦ ᠬᠢᠷᠢ ᠬᠡᠮ ᠢ ᠬᠦᠴᠦᠨ ᠦᠭᠡᠢ ᠪᠣᠯᠭᠠᠬᠤ ᠶᠢᠨ ᠬᠠᠮᠲᠤ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠢᠶᠠᠷ ᠳᠠᠷᠠᠭᠠᠯᠠᠨ ᠨᠦᠬᠦᠪᠦᠷᠢᠯᠡᠨ᠎ᠡ᠂ ᠨᠢᠭᠡ ᠯᠡ ᠤᠳᠠᠭ᠎ᠠ ᠨᠥᠬᠦᠪᠦᠷᠢᠯᠡᠨ᠎ᠡ᠃ 2. ᠬᠢᠨᠠᠨ ᠪᠠᠶᠢᠴᠠᠭᠠᠬᠤ᠃ ᠰᠢᠯᠭᠠᠨ ᠪᠠᠶᠢᠴᠠᠭᠠᠬᠤ ᠠᠵᠢᠯ ᠢ ᠴᠢᠳᠠᠪᠤᠷᠢᠲᠠᠨ ᠢ  ᠣᠷᠢᠨ‌ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠵᠤ ᠪᠣᠳᠠᠲᠠᠢ ᠪᠠᠷ ᠶᠠᠪᠤᠭᠳᠠᠭᠤᠯᠤᠨ᠎ᠠ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠰ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠡ᠃ ᠬᠢᠨᠠᠨ ᠪᠠᠶᠢᠴᠠᠭᠠᠬᠤ ᠠᠵᠢᠯ ᠳᠤ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ᠭᠤᠣᠯᠳᠠᠭᠤ ᠰᠢᠯᠢᠭᠳᠡᠭᠰᠡᠨ ᠬᠥᠮᠥᠰ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠬᠢᠨᠠᠨ ᠪᠠᠶᠢᠴᠠᠭᠠᠨ᠎ᠠ᠃ ᠡᠩ ᠤᠨ ᠪᠠᠶᠢᠳᠠᠯ ᠳᠤ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠯᠭᠠᠨ ᠪᠠᠶᠢᠴᠠᠭᠠᠭᠴᠢ ᠲᠠᠢ ᠨᠢᠭᠤᠷᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠰᠢᠯᠭᠠᠨ ᠪᠠᠶᠢᠴᠠᠭᠠᠭᠳᠠᠬᠤ ᠡᠲᠡᠭᠡᠳ ᠤᠨ ᠶᠡᠷᠦᠩᠬᠡᠢ ᠬᠡᠪ ᠴᠢᠨᠠᠷ ᠵᠢᠴᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠦᠨᠳᠦᠰᠦᠨ ᠴᠢᠳᠠᠪᠤᠷᠢ ᠶᠢ ᠪᠥᠬᠦ ᠲᠠᠯ᠎ᠠ ᠪᠠᠷ᠂ ᠣᠨᠣᠪᠴᠢᠲᠠᠶ᠂ ᠪᠤᠰᠤᠳᠴᠢ ᠪᠠᠷ ᠦᠨᠡᠯᠡᠨ᠎ᠡ᠃ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠤᠶᠤ ᠥᠪᠡᠷ ᠢᠶᠠᠨ ᠲᠠᠶᠠᠭᠳᠠᠭᠰᠠᠨ ᠰᠢᠯᠭᠠᠭᠤᠯᠤᠭᠴᠢ ᠶᠢᠨ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠬᠤ ᠶᠢᠨ ᠬᠠᠮᠲᠤ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠢᠶᠠᠷ ᠳᠠᠷᠠᠭᠠᠯᠠᠨ ᠨᠦᠬᠦᠪᠦᠷᠢᠯᠡᠨ᠎ᠡ᠂ ᠨᠢᠭᠡ ᠯᠡ ᠤᠳᠠᠭ᠎ᠠ ᠨᠥᠬᠦᠪᠦᠷᠢᠯᠡᠨ᠎ᠡ᠃ ︵ᠵᠢᠷᠭᠤᠭ᠎ᠠ︶ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶᠎ ᠳᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ᠃ ︵ᠳᠣᠯᠤᠭ᠎ᠠ︶ ᠤᠷᠢᠨ ᠬᠡᠷᠡᠭᠯᠡᠬᠦ ᠶᠢ ᠢᠯᠡ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠪᠠᠶᠢᠲᠠᠯ᠎ᠠ ᠣᠨᠳᠣᠣ ᠰᠠᠨᠠᠯ ᠦᠭᠡᠢ ᠪᠠᠶᠢᠪᠠᠯ᠂ ᠠᠵᠢᠯᠲᠠᠨ ᠤ ᠶᠠᠪᠤᠳᠠᠯ ᠤᠨ ᠤᠷᠢᠨ ᠬᠡᠷᠡᠭᠯᠡᠬᠦ ᠭᠠᠷᠳᠠᠮ ᠢ ᠭᠦᠢᠴᠡᠳᠬᠡᠨ᠎ᠡ᠃ ᠤᠷᠢᠭᠳᠠᠭᠰᠠᠳ ᠲᠣᠭᠲᠠᠭᠰᠠᠨ ᠴᠠᠭ ᠲᠤ ᠨᠡᠷ᠎ᠡ ᠮᠡᠳᠡᠭᠦᠯᠵᠦ᠂ ᠲᠣᠭᠲᠠᠭᠰᠠᠨ ᠴᠠᠭ ᠲᠤ ᠨᠡᠷ᠎ᠡ ᠮᠡᠳᠡᠭᠦᠯᠦᠭᠰᠡᠨ ᠦᠭᠡᠢ ᠪᠤᠶᠤ ᠤᠷᠢᠨ ᠬᠡᠷᠡᠭᠯᠡᠬᠦ ᠨᠡᠷᠡᠰ ᠢ ᠵᠠᠷᠯᠠᠨ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ 30 ᠠᠵᠢᠯᠯᠠᠬᠤ ᠡᠳᠦᠷ ᠤᠨ ᠳᠣᠲᠣᠷ᠎ᠠ ᠪᠤᠰᠤᠳ ᠨᠢᠭᠡᠴᠡ ᠲᠠᠢ ᠬᠥᠳᠡᠯᠮᠦᠷᠢ ᠶᠢᠨ ᠭᠡᠷ᠎ᠡ ᠪᠠᠨ ᠬᠦᠴᠦᠨ ᠦᠭᠡᠢ ᠪᠣᠯᠭᠠᠭᠠᠳᠤᠢ ᠬᠥᠮᠥᠰ ᠢ ᠡᠯᠰᠡᠨ ᠬᠡᠷᠡᠭᠯᠡᠬᠦ ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠵᠦ᠂ ᠶᠡᠷᠦᠩᠬᠡᠢ ᠬᠢᠷᠢ ᠪᠦᠲᠦᠮᠵᠢ ᠶᠢᠨ ᠥᠨᠳᠥᠷ ᠪᠣᠭᠤᠨᠢ ᠶᠢᠨ ᠲᠠᠰ ᠳᠠᠷᠠᠭᠠᠯᠠᠯ ᠢᠶᠠᠷ ᠳᠠᠷᠠᠭᠠᠯᠠᠨ ᠨᠥᠬᠦᠪᠦᠷᠢᠯᠡᠨ᠎ᠡ᠃ ᠰᠢᠨ᠎ᠡ ᠪᠠᠷ ᠤᠷᠢᠨ ᠬᠡᠷᠡᠭᠯᠡᠬᠦ ᠬᠥᠮᠥᠰ ᠲᠤ ᠲᠤᠷᠰᠢᠨ ᠬᠡᠷᠡᠭᠯᠡᠬᠦ ᠬᠤᠭᠤᠴᠠᠭ᠎ᠠ ᠶᠢᠨ ᠳᠦᠷᠢᠮ ᠢ ᠬᠡᠷᠡᠭᠵᠢᠭᠦᠯᠵᠦ᠂ ᠲᠤᠷᠰᠢᠨ ᠬᠡᠷᠡᠭᠯᠡᠬᠦ ᠬᠤᠭᠤᠴᠠᠭ᠎ᠠ ᠨᠢ 2 ᠰᠠᠷ᠎ᠠ᠂ ᠲᠤᠷᠰᠢᠨ ᠬᠡᠷᠡᠭᠯᠡᠬᠦ ᠬᠤᠭᠤᠴᠠᠭ᠎ᠠ ᠎ ᠨᠢ ᠳᠦᠭᠦᠷᠦᠭᠡᠳ ᠬᠢᠨᠠᠨ ᠰᠢᠯᠭᠠᠭᠠᠳ ᠬᠢᠷᠢ ᠲᠡᠩᠴᠡᠭᠰᠡᠳ ᠢ ᠵᠢᠩᠬᠢᠨᠢ ᠪᠠᠷ ᠤᠷᠢᠨ ᠬᠡᠷᠡᠭᠯᠡᠬᠦ ᠳᠤ᠂ ︽ᠲᠠᠪᠤᠨ ᠳᠠᠭᠠᠳᠬᠠᠯ ᠨᠢᠭᠡ ᠮᠥᠩᠭᠦ︾ ᠵᠢᠴᠢ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠬᠥᠯᠥᠰᠦ ᠣᠯᠭᠤᠮᠵᠢ ᠶᠢᠨ ᠣᠯᠭᠤᠮᠵᠢ ᠶᠢ ᠬᠦᠷᠲᠡᠭᠡᠨ᠎ᠡ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ ᠤᠷᠢᠵᠤ ᠬᠡᠷᠡᠭᠯᠡᠬᠦ ᠶᠢ ᠬᠦᠴᠦᠨ ᠦᠭᠡᠢ ᠪᠣᠯᠭᠠᠨ᠎ᠠ᠃     ᠳᠥᠷᠪᠡ᠂ ᠪᠤᠰᠤᠳ ᠶᠠᠪᠤᠳᠠᠯ ᠤᠳ      ︵ᠨᠢᠭᠡ︶ ᠨᠡᠷ᠎ᠡ ᠮᠡᠳᠡᠭᠦᠯᠦᠭᠰᠡᠳ ᠲᠤᠰᠢᠶᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠳ ᠢ ᠪᠠᠶᠢᠴᠠᠭᠠᠨ ᠲᠣᠳᠣᠯᠠᠮᠠᠭᠴᠠ ᠰᠢᠯᠭᠠᠨ ᠡᠯᠰᠡᠬᠦ ᠬᠢᠷᠢ ᠬᠡᠮ ᠢ ᠨᠢ ᠬᠠᠰᠤᠨ᠎ᠠ᠃      ︵ᠬᠤᠶᠠᠷ︶ ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠦᠶ᠎ᠡ ᠳᠤ ᠲᠠᠭᠯᠠᠨ ᠪᠢᠴᠢᠭᠰᠡᠨ ᠬᠠᠷᠢᠯᠴᠠᠬᠤ ᠤᠲᠠᠰᠤᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠮᠡᠳᠡᠭᠳᠡᠬᠦ ᠳᠤ ᠲᠥᠬᠦᠮ ᠪᠣᠯᠭᠠᠨ᠎ᠠ᠃ ᠴᠢᠳᠠᠪᠤᠷᠢᠲᠠᠨ ᠢ ᠣᠷᠢᠨ ᠠᠪᠴᠢᠷᠠᠬᠤ ᠬᠤᠭᠤᠴᠠᠭᠠᠨ ᠳᠤ ᠣᠳᠠᠰᠣ ᠨᠡᠪᠳᠡᠷᠡᠭᠦ ᠦᠭᠡᠢ ᠠᠴᠠ ᠪᠣᠯᠵᠤ ᠲᠤᠰ ᠬᠥᠮᠥᠨ ᠤ ᠡᠯᠰᠡᠨ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ ᠥᠪᠡᠷ ᠢᠶᠠᠨ ᠬᠠᠷᠢᠭᠤᠴᠠᠨ᠎ᠠ᠃      ︵ᠭᠤᠷᠪᠠ︶  ᠪᠣᠰᠣᠳ ᠵᠦᠢᠯᠡᠰ ᠢ ᠥᠪᠥᠷ ᠮᠣᠩᠭᠤᠯ ᠤᠨ ᠳᠡᠭᠡᠳᠦ ᠰᠢᠨ᠎ᠡ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ  ᠣᠷᠢᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠠᠶᠢᠯᠪᠤᠷᠢᠯᠠᠨ᠎ᠠ᠃      ᠬᠠᠷᠢᠯᠴᠠᠬᠤ ᠤᠲᠠᠰᠤ᠄ 0472-5255909᠂ 5255960      ᠬᠢᠨᠠᠯᠲᠠ ᠲᠠᠯᠪᠢᠬᠤ ᠤᠲᠠᠰᠤ᠄ 0472-5310947
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号