ᠥᠪᠥᠷ ᠮᠣᠩᠭᠤᠯ ᠤᠨ ᠲᠡᠭᠡᠳᠣ ᠰᠢᠨ᠎ᠠ ᠬᠤᠪᠢ ᠡᠵᠡᠮᠳᠡᠬᠦ ᠬᠢᠵᠠᠭᠠᠷᠲᠤ ᠺᠣᠮᠫᠠᠨᠢ ︵ᠳᠣᠷᠣᠭᠰᠢ ︽ᠺᠣᠮᠫᠠᠨᠢ︾ | ᠭᠡᠵᠦ ᠲᠣᠪᠴᠢᠯᠠᠨ᠎ᠠ︶ ᠶᠢᠨ 2001 ᠣᠨ ᠳᠤ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠨ ᠪᠠᠶᠢᠭᠤᠯᠤᠭᠰᠠᠨ | ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠺᠣᠮᠫᠠᠨᠢ ᠶᠢᠨ ᠭᠤᠣᠯ ᠲᠤᠬᠠᠶᠢᠯᠠᠭᠰᠠᠨ ᠠᠵᠢᠯ ᠨᠢ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠪᠣᠯᠣᠨ᠎ᠠ᠃ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠥᠲᠥᠯᠥᠨ ᠵᠢᠯᠤᠭᠤᠳᠬᠤ | ᠴᠢᠨᠠᠷᠲᠠᠢ ᠪᠡᠯᠡ ᠣᠷᠣᠭᠤᠯᠤᠯᠲᠠ ᠶᠢᠨ ᠡᠭᠦᠷᠭᠡ ᠴᠢᠳᠠᠪᠤᠷᠢ ᠪᠠ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ ᠡᠭᠦᠷᠭᠡ | ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠺᠣᠮᠫᠠᠨᠢ ᠤᠷᠢᠳ ᠬᠤᠵᠢᠳ ᠮᠥᠩᠭᠦᠨ ᠭᠦᠢᠯᠭᠡᠭᠡᠨ ᠤ | ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠪᠣᠷ ᠰᠢᠷᠣᠢ ᠶᠢᠨ ᠠᠷᠠᠯᠵᠢᠶ᠎ᠠ ᠵᠢᠴᠢ | ᠨᠠᠷᠢᠯᠢᠭ ᠡᠳ᠋ᠰᠢᠭᠦᠯᠭᠡ᠂ ᠵᠡᠰ ᠬᠠᠶᠢᠯᠤᠭᠤᠯᠤᠨ ᠡᠳ᠋ᠰᠢᠭᠦᠯᠭᠡ᠂ ᠢᠯᠴᠢ ᠬᠠᠩᠭᠠᠬᠤ ᠵᠡᠷᠭᠡ ᠬᠦᠷᠢᠶᠡᠨ ᠳᠤ 24 | ᠭᠠᠳᠠᠭᠠᠳᠣ ᠪᠡᠯᠡᠳᠣ ᠠᠵᠤ ᠠᠬᠤᠶᠢᠯᠠᠯ ᠳᠤ ᠪᠡᠯᠡ ᠣᠷᠣᠭᠤᠯᠪᠠ᠃ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ | ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ | ᠰᠤᠳᠤᠯᠬᠤ ᠪᠠᠷ ᠳᠡᠮᠵᠢᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠨᠳᠤᠭᠤᠯᠤᠨ ᠳᠡᠭᠡᠳᠦ ᠲᠠᠰ | ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠣᠷᠢᠨ ᠠᠪᠴᠢᠷᠠᠬᠤ ᠠᠵᠢᠯ ᠢ ᠥᠷᠨᠢᠭᠦᠯᠬᠦ ᠪᠠᠷ | ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃ | ᠨᠢᠭᠡ᠂ ᠣᠷᠢᠬᠤ ᠲᠥᠯᠥᠪᠯᠡᠭᠡ | ᠲᠣᠰ ᠤᠳᠠᠭ᠎ᠠ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ 10 ᠬᠥᠮᠥᠨ | ᠣᠷᠢᠬᠤ ᠪᠠᠷ ᠲᠥᠯᠥᠪᠯᠡᠵᠦ ᠪᠣᠶ᠂ ᠪᠣᠳᠠᠲᠠᠢ ᠪᠠᠶᠢᠳᠠᠯ ᠢ ︽ᠥᠪᠥᠷ ᠮᠣᠩᠭᠤᠯ ᠤᠨ ᠳᠡᠭᠡᠳᠦ ᠰᠢᠨ᠎ᠡ ᠬᠤᠪᠢ ᠡᠵᠡᠮᠳᠡᠬᠦ | ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠪᠠᠴᠢᠮ ᠬᠡᠷᠡᠭᠴᠡᠭᠡᠨ ᠤ | ᠴᠢᠳᠠᠪᠤᠷᠢᠲᠠᠨ ᠢ ᠣᠷᠢᠨ ᠠᠪᠴᠢᠷᠠᠬᠤ ᠠᠵᠢᠯ ᠤᠨ ᠪᠠᠶᠢᠷᠢ ᠶᠢᠨ ᠬᠦᠰᠦᠨᠦᠭᠲᠦ︾ ︵ᠳᠠᠭᠠᠯᠳᠤᠭᠤᠯᠤᠯ 1︶ ᠳᠤ | ᠨᠠᠷᠢᠪᠴᠢᠯᠠᠨ ᠦᠵᠡᠭᠡᠷᠡᠢ᠃ | ᠬᠤᠶᠠᠷ᠂ ᠣᠷᠢᠬᠤ ᠨᠥᠬᠦᠴᠡᠯ | ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠳᠡᠭ᠂ ᠦᠵᠡᠯ ᠰᠠᠨᠠᠭᠠᠨ ᠤ ᠬᠡᠪ | ᠴᠢᠨᠠᠷ ᠪᠠ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠶᠣᠰᠣ ᠮᠣᠷᠠᠯ ᠲᠠᠢ᠂ ᠠᠵᠢᠯ ᠤᠨ ᠪᠠᠶᠢᠷᠢ ᠶᠢᠨ | ᠱᠠᠭᠠᠷᠳᠠᠯᠭ᠎ᠠ ᠳᠤ ᠲᠣᠬᠢᠷᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠃ | ︵ᠬᠤᠶᠠᠷ︶ ᠪᠥᠬᠦ ᠤᠯᠤᠰ ᠤᠨ ︽985᠂ 211︾ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ | ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ︵ | 2024 ᠬᠤᠭᠤᠴᠠᠭᠠᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠪᠠᠭᠲᠠᠨ᠎ᠠ︶᠂ ᠣᠨ ᠤ QS | ᠳᠡᠯᠡᠬᠡᠢ ᠶᠢᠨ ᠶᠡᠭᠡ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 500 ᠭᠠᠳᠠᠭᠠᠳᠤ ᠶᠢᠨ ᠶᠡᠭᠡ | ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ | ᠡᠷᠳᠡᠮ ᠤᠨ ᠴᠣᠯᠠ ︵ᠡᠷᠬᠡᠪᠰᠢ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ | ᠦᠢᠯᠡᠴᠢᠯᠡᠭᠡᠨ ᠤ ᠲᠥᠪ ᠢᠶᠠᠷ ᠭᠡᠷᠡᠴᠢᠯᠡᠭᠦᠯᠬᠦ ᠬᠡᠷᠡᠭᠲᠡᠢ ᠃ | ︵ᠭᠤᠷᠪᠠ︶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠣᠷᠣᠭᠴᠢ ᠶᠢ ᠣᠷᠣᠭᠤᠯᠬᠤ ᠨᠠᠰᠤ ᠨᠢ | ᠪᠦᠬᠦᠯᠢ 28 ᠨᠠᠰᠤ ︵1996 ᠣᠨ ᠤ 3 ᠰᠠᠷ᠎ᠠ ᠶᠢᠨ 15 ᠤ ᠡᠳᠦᠷ ᠠᠴᠠ ᠰᠡᠭᠦᠯᠡᠷ ᠲᠥᠷᠥᠭᠰᠡᠨ︶᠂ ᠪᠦᠬᠦᠯᠢ | ᠡᠳᠦᠷ ᠤᠨ ᠳᠦᠷᠢᠮᠲᠦ ᠠᠰᠫᠢᠷᠠᠨᠲ ᠤᠨ ᠨᠠᠰᠤ ᠨᠢ ᠪᠦᠬᠦᠯᠢ 35 ᠨᠠᠰᠤ ︵1989 ᠣᠨ ᠤ 3 ᠰᠠᠷ᠎ᠠ ᠶᠢᠨ 15 ᠤ | ᠡᠳᠦᠷ ᠠᠴᠠ ᠰᠡᠭᠦᠯᠡᠷ ᠲᠥᠷᠥᠭᠰᠡᠨ︶᠂ ᠵᠢᠩᠬᠢᠨᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠣᠯᠣᠭᠰᠠᠨ | ᠪᠤᠶᠤ ᠳ᠋ᠣᠺᠲ᠋ᠣᠷ ᠴᠣᠯᠠ ᠣᠯᠣᠭᠰᠠᠨ ᠬᠥᠮᠥᠰ᠂ ᠡᠩ ᠤᠨ ᠪᠠᠶᠢᠳᠠᠯ ᠳᠤ ᠪᠦᠬᠦᠯᠢ 45 ᠨᠠᠰᠤ ︵1979 ᠣᠨ ᠤ 3 | ᠰᠠᠷ᠎ᠠ ᠶᠢᠨ 15 ᠤ ᠡᠳᠦᠷ ᠠᠴᠠ ᠰᠡᠭᠦᠯᠡᠷ ᠲᠥᠷᠥᠭᠰᠡᠨ︶ ᠲᠠᠢ ᠪᠠᠶᠢᠬᠤ ᠃ | ︵ᠳᠥᠷᠪᠡ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠬᠥᠮᠥᠰ ᠲᠣᠰ ᠤᠳᠠᠭᠠᠨ ᠤ | ᠴᠢᠳᠠᠪᠤᠷᠢᠲᠠᠨ ᠢ ᠣᠷᠢᠨ ᠠᠪᠴᠢᠷᠠᠬᠤ ᠬᠡᠪᠴᠢᠶᠡᠨ ᠳᠤ ᠪᠠᠭᠲᠠᠬᠤ ᠦᠭᠡᠢ ᠃ | 1. ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ︵ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠᠭᠲᠠᠬᠤ ᠦᠭᠡᠢ︶ | ᠃ | 2. ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠲᠤᠰᠠᠭᠠᠷ ᠳᠡᠭᠡᠳᠦ | ᠰᠤᠷᠭᠠᠭᠤᠯᠢ ᠠᠴᠠ ᠲᠡᠭᠦᠰᠦᠭᠰᠡᠳ᠂ ᠨᠠᠶᠢᠳᠠᠯᠭ᠎ᠠ ᠪᠠᠷ ᠬᠥᠮᠥᠵᠢᠭᠦᠯᠦᠭᠰᠡᠨ᠂ ᠬᠠᠨᠳᠤᠯᠭ᠎ᠠ ᠲᠠᠢ ᠪᠠᠷ ᠬᠥᠮᠥᠵᠢᠭᠦᠯᠦᠭᠰᠡᠨ | ᠪᠠ ᠬᠠᠮᠲᠤᠷᠠᠨ ᠰᠤᠷᠭᠠᠭᠤᠯᠢ ᠡᠷᠬᠢᠯᠡᠵᠤ ᠪᠠᠶᠢᠭ᠎ᠠ ᠲᠡᠭᠦᠰᠦᠭᠰᠡᠳ ᠃ | 3. ᠬᠠᠤᠯᠢ ᠶᠣᠰᠣᠭᠠᠷ ᠢᠲᠡᠭᠡᠯ ᠠᠯᠳᠠᠭᠰᠠᠳ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ | ᠵᠢᠭᠰᠠᠭᠠᠭᠳᠠᠭᠰᠠᠨ ᠬᠥᠮᠥᠰ᠃ | 4. ᠬᠠᠤᠯᠢ ᠶᠢ ᠵᠥᠷᠢᠴᠡᠵᠦ ᠶᠠᠯ᠎ᠠ ᠬᠢᠭᠡᠳ ᠡᠷᠡᠭᠦᠦ ᠶᠢᠨ ᠬᠡᠷᠡᠭ ᠢᠶᠠᠷ ᠰᠢᠢᠳᠬᠡᠭᠳᠡᠵᠦ ᠥᠩᠭᠡᠷᠡᠭᠰᠡᠨ ᠪᠤᠶᠤ | ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ ᠬᠥᠮᠥᠰ ᠃ | 5. ᠬᠠᠤᠯᠢ ᠪᠠᠷᠢᠬᠤ ᠪᠠᠶᠢᠭᠤᠯᠭ᠎ᠠ ᠶᠢᠨ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠬᠡᠷᠡᠭ ᠪᠣᠯᠭᠠᠨ ᠳᠡᠩᠰᠡᠯᠡᠵᠦ | ᠪᠠᠶᠢᠴᠠᠭᠠᠬᠤ ᠶᠢ ᠬᠦᠯᠢᠶᠡᠵᠦ ᠪᠠᠶᠢᠭ᠎ᠠ ᠠᠵᠢᠯᠲᠠᠨ ᠃ | 6. ᠨᠠᠮ ᠤᠨ ᠰᠠᠬᠢᠯᠭ᠎ᠠ ᠪᠠᠲᠤ ᠶᠢᠨ ᠵᠠᠰᠠᠭ ᠤᠨ ᠶᠠᠪᠤᠳᠠᠯ ᠤᠨ ᠰᠢᠢᠳᠬᠡᠯ᠂ ᠵᠣᠬᠢᠶᠠᠨ ᠪᠠᠶᠢᠭᠤᠯᠤᠯᠲᠠ ᠶᠢᠨ | ᠰᠢᠢᠳᠪᠦᠷᠢᠯᠡᠯᠲᠡ ᠶᠢ ᠣᠯᠣᠭᠰᠠᠨ ᠪᠤᠶᠤ ᠢᠳᠬᠠᠨ ᠴᠡᠭᠡᠷᠯᠡᠭᠦᠯᠵᠦ ᠶᠠᠷᠢᠯᠴᠠᠭᠤᠯᠤᠭᠰᠠᠨ ᠪᠥᠭᠡᠳ ᠨᠥᠯᠥᠭᠡᠯᠡᠭᠰᠡᠨ | ᠬᠤᠭᠤᠴᠠᠭᠠᠨ ᠳᠤ ᠪᠠᠶᠢᠭ᠎ᠠ ᠬᠥᠮᠥᠰ ᠃ | 7. ᠵᠢᠩᠬᠢᠨᠢ ᠠᠯᠪᠠᠨ ᠤ ᠴᠡᠷᠢᠭ ᠃ | 8. ᠡᠯᠰᠡᠨ ᠬᠡᠷᠡᠭᠯᠡᠭᠰᠡᠨ ᠤ ᠲᠠᠷᠠᠭ᠎ᠠ ᠳᠠᠷᠤᠢ ᠵᠠᠶᠢᠯᠠᠬᠤ ᠬᠠᠷᠢᠴᠠᠭ᠎ᠠ ᠲᠠᠢ ᠠᠵᠢᠯ ᠤᠨ ᠪᠠᠶᠢᠷᠢ ᠳᠤ ᠭᠠᠷᠤᠭᠰᠠᠨ | ᠬᠥᠮᠥᠰ ᠃ | 9. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠤᠷᠢᠭᠳᠠᠵᠤ ᠪᠣᠯᠬᠤ ᠦᠭᠡᠢ ᠪᠠ ᠤᠷᠢᠨ | ᠬᠡᠷᠡᠭᠯᠡᠵᠦ ᠪᠣᠯᠬᠤ ᠦᠭᠡᠢ ᠪᠤᠰᠤᠳ ᠪᠠᠶᠢᠳᠠᠯ᠃ | ᠭᠤᠷᠪᠠ᠂ ᠣᠷᠢᠬᠤ ᠠᠷᠭ᠎ᠠ ᠮᠠᠶ᠋ᠢᠭ ᠵᠢᠴᠢ ᠠᠯᠬᠤᠮ ᠳᠠᠷᠠᠭ᠎ᠠ | ᠲᠣᠰ ᠤᠳᠠᠭᠠᠨ ᠤ ᠴᠢᠳᠠᠪᠤᠷᠢᠲᠠᠨ ᠢ ᠣᠷᠢᠨ ᠠᠪᠴᠢᠷᠠᠬᠤ ᠳᠤ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ | ᠰᠢᠯᠠᠭᠠᠷᠠᠭᠤᠯᠣᠨᠠ᠂ ᠠᠯᠪᠠᠨ ᠵᠠᠷ ᠨᠡᠶᠢᠲᠡᠯᠡᠬᠦ᠂ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ᠂ ᠬᠢᠷᠢ ᠬᠡᠮ ᠢ ᠬᠢᠨᠠᠨ | ᠪᠠᠶᠢᠴᠠᠭᠠᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ᠂ ᠢᠯᠡ | ᠨᠡᠶᠢᠲᠡᠯᠡᠬᠦ᠂ ᠤᠷᠢᠨ ᠬᠡᠷᠡᠭᠯᠡᠬᠦ ᠵᠡᠷᠭᠡ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃ | ︵ᠨᠢᠭᠡ︶ ᠠᠯᠪᠠᠨ ᠵᠠᠷ ᠨᠡᠶᠢᠲᠡᠯᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶ ᠪᠠᠷ ᠳᠠᠮᠵᠢᠭᠤᠯᠤᠨ | ᠨᠡᠶᠢᠭᠡᠮ ᠳᠤ ᠴᠢᠳᠠᠪᠤᠷᠢᠲᠠᠨ ᠢ ᠣᠷᠢᠨ ᠠᠪᠴᠢᠷᠠᠬᠤ ᠠᠯᠪᠠᠨ ᠵᠠᠷ ᠨᠡᠶᠢᠲᠡᠯᠡᠨ᠎ᠡ ᠃ | ︵ᠬᠤᠶᠠᠷ︶ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ ᠳᠤ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ | ᠮᠠᠶ᠋ᠢᠭ ᠢᠶᠠᠷ ᠶᠠᠪᠤᠭᠳᠠᠭᠤᠯᠤᠨ᠎ᠠ᠃ ᠰᠦᠯᠵᠢᠶ᠎ᠡ ᠪᠠᠷ ᠨᠡᠷ᠎ᠡ ᠮᠡᠳᠡᠭᠦᠯᠬᠦ ᠳᠤ ᠲᠣᠭᠲᠠᠭᠰᠠᠨ ᠰᠢᠤᠳᠠᠨ ᠬᠠᠶᠢᠷᠴᠠᠭ ︵ | btxtgxqsy@163.com︶ ᠢᠶᠠᠷ ᠨᠡᠷ᠎ᠡ | ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ ᠨᠡᠷ᠎ᠡ ᠮᠡᠳᠡᠭᠦᠯᠵᠦ ᠪᠣᠯᠣᠨ᠎ᠠ᠃ 1. ᠨᠡᠷ᠎ᠡ ᠮᠡᠳᠡᠭᠦᠯᠬᠦ ᠴᠠᠭ᠄ ᠠᠯᠪᠠᠨ ᠵᠠᠷ | ᠨᠡᠶᠢᠲᠡᠯᠡᠭᠰᠡᠨ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠴᠠᠭ ᠨᠢ 2024 ᠣᠨ ᠤ 3 | ᠰᠠᠷ᠎ᠠ ᠶᠢᠨ 25 ᠤ ᠡᠳᠦᠷ ᠤᠨ 17᠄ 00 ︵ᠰᠢᠤᠳᠠᠨ ᠤ ᠵᠦᠢᠯ ᠢ ᠭᠥᠯᠢᠶᠡᠨ ᠠᠪᠤᠭᠰᠠᠨ ᠴᠠᠭ ᠢᠶᠠᠷ ᠪᠠᠷᠢᠮᠵᠢᠶ᠎ᠠ | ᠪᠣᠯᠭᠠᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ︶ ᠪᠣᠯᠣᠨ᠎ᠠ᠃ 2. ᠨᠡᠷ᠎ᠡ | ᠮᠡᠳᠡᠭᠦᠯᠬᠦ ᠠᠷᠭ᠎ᠠ ᠮᠠᠶ᠋ᠢᠭ᠄ ᠨᠡᠷ᠎ᠡ ᠮᠡᠳᠡᠭᠦᠯᠦᠭᠰᠡᠳ ᠨᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶ | ᠠᠴᠠ ︽ᠥᠪᠥᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ | ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠣᠷᠢᠨ | ᠠᠪᠴᠢᠷᠠᠬᠤ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2 ᠢ ᠦᠵᠡ︶ ᠶᠢ ᠪᠠᠭᠤᠯᠭᠠᠨ | ᠠᠪᠬᠤ ᠶᠢᠨ ᠬᠠᠮᠲᠤ ᠲᠠᠭᠯᠠᠵᠤ ᠨᠡᠷ᠎ᠡ ᠮᠡᠳᠡᠭᠦᠯᠵᠦ ᠪᠣᠯᠣᠨ᠎ᠠ᠃ ᠨᠡᠷ᠎ᠡ ᠮᠡᠳᠡᠭᠦᠯᠬᠦ ᠳᠤ ᠲᠤᠰᠢᠶᠠᠬᠤ ᠶᠣᠰᠣᠲᠠᠢ | ᠮᠠᠲ᠋ᠧᠷᠢᠶᠠᠯ᠄ ︵1︶ ︽ᠥᠪᠥᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠬᠤᠪᠢ ᠡᠵᠡᠮᠳᠡᠬᠦ ᠬᠢᠵᠠᠭᠠᠷᠲᠤ | ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠱᠠᠭᠠᠷᠳᠠᠭᠳᠠᠵᠤ ᠪᠠᠶᠢᠭ᠎ᠠ ᠪᠠᠴᠢᠮ ᠬᠡᠷᠡᠭᠴᠡᠭᠡᠨ ᠤ | ᠴᠢᠳᠠᠪᠤᠷᠢᠲᠠᠨ ᠢ ᠣᠷᠢᠨ ᠠᠪᠴᠢᠷᠠᠬᠤ ᠪᠠᠷ ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭᠲᠦ︾᠃ ︵2︶ | ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠮᠠᠯᠠᠭᠠᠢ ᠦᠭᠡᠢ ᠡᠯᠧᠺᠲᠷᠣᠨ ᠬᠡᠷᠡᠯ ᠵᠢᠷᠤᠭ ︵ᠬᠥᠬᠡ ᠥᠩᠭᠡ ᠶᠢᠨ | ᠬᠦᠰᠢᠭᠡ︶᠂ ᠬᠤᠪᠢ ᠬᠥᠮᠥᠨ ᠤ ᠪᠡᠶ᠎ᠡ ᠶᠢᠨ ᠦᠨᠡᠮᠯᠡᠯ ︵ᠠᠷᠣ ᠦᠪᠦᠷ ᠲᠠᠯ᠎ᠠ︶ ᠤᠨ ᠰᠢᠷᠪᠢᠯᠲᠡ ᠶᠢᠨ ᠮᠠᠲ᠋ᠧᠷᠢᠶᠠᠯ ᠃ | ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ᠂ ᠰᠤᠷᠤᠯᠭ᠎ᠠ ᠶᠢᠨ | ᠨᠠᠮᠲᠠᠷ᠂ ᠡᠷᠳᠡᠮ ᠤᠨ ᠴᠣᠯᠠ ᠶᠢᠨ ᠰᠢᠯᠭᠠᠨ ᠪᠠᠲᠤᠯᠠᠯᠲᠠ ᠶᠢᠨ ᠮᠡᠳᠡᠭᠦᠯᠦᠯᠲᠡ ︵︽ᠳᠤᠮᠳᠠᠳᠤ ᠤᠯᠤᠰ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠤ ᠣᠷᠣᠵᠤ ︽ᠰᠤᠷᠭᠠᠨ | ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ | ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ | ᠭᠡᠷᠡᠴᠢᠯᠡᠯᠲᠡ ᠶᠢᠨ ᠮᠡᠳᠡᠭᠦᠯᠦᠯᠲᠡ︾ ᠶᠢ ᠣᠯᠬᠤ ᠴᠢᠬᠤᠯᠠᠲᠠᠢ︶᠂ ᠰᠢᠯᠭᠠᠨ ᠪᠠᠲᠤᠯᠠᠬᠤ ᠬᠤᠭᠤᠴᠠᠭ᠎ᠠ ᠨᠢ ᠬᠢᠷᠢ | ᠬᠡᠮ ᠤᠨ ᠬᠢᠨᠠᠨ ᠪᠠᠶᠢᠴᠠᠭᠠᠯᠲᠠ ᠳᠠᠭᠤᠰᠬᠤ ᠠᠴᠠ ᠡᠮᠦᠨ᠎ᠡ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ | ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾ ᠳᠤ ᠰᠤᠷᠤᠯᠭ᠎ᠠ ᠶᠢᠨ ᠨᠠᠮᠲᠠᠷ ᠤᠨ | ᠬᠡᠯᠪᠡᠷᠢ ᠶᠢ ᠢᠯᠡᠷᠡᠭᠦᠯᠦᠭᠰᠡᠨ ᠦᠭᠡᠢ ᠪᠠᠶᠢᠪᠠᠯ᠂ ᠡᠷᠬᠡᠪᠰᠢ ᠰᠤᠷᠤᠯᠭ᠎ᠠ ᠲᠡᠭᠦᠰᠦᠭᠰᠡᠨ ᠰᠤᠷᠭᠠᠭᠤᠯᠢ ᠶᠢᠨ | ᠰᠤᠷᠤᠯᠭ᠎ᠠ ᠶᠢᠨ ᠬᠡᠯᠪᠡᠷᠢ ᠶᠢᠨ ᠲᠤᠬᠠᠢ ᠭᠡᠷᠡᠴᠢ ᠶᠢ ᠬᠠᠩᠭᠠᠬᠤ ᠬᠡᠷᠡᠭᠲᠡᠢ ᠃ ᠲᠣᠰ ᠬᠤᠭᠤᠴᠠᠭᠠᠨ ᠤ ᠲᠡᠭᠦᠰᠬᠦ | ᠰᠤᠷᠤᠭᠴᠢᠳ ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ | ᠪᠠᠲᠤᠯᠠᠭᠰᠠᠨ ᠮᠡᠳᠡᠭᠦᠯᠦᠯᠲᠡ︾ ᠶᠢ ᠲᠤᠰᠢᠶᠠᠨ᠎ᠠ᠃ ᠳᠡᠭᠡᠷᠡᠬᠢ ᠮᠠᠲ᠋ᠧᠷᠢᠶᠠᠯ ᠢ ᠴᠥᠮ ᠵᠢᠭᠠᠨ ᠲᠣᠭᠲᠠᠭᠠᠭᠰᠠᠨ ᠬᠡᠪ ︵ | ᠳᠠᠭᠠᠯᠳᠤᠭᠤᠯᠤᠯ 3 ᠶᠢ ᠦᠵᠡ︶ ᠵᠠᠭᠪᠤᠷ ᠢᠶᠠᠷ ᠬᠠᠪᠴᠢᠭᠤᠯᠤᠭᠰᠠᠨ ᠤ ᠳᠠᠷᠠᠭ᠎ᠠ ᠡᠷᠬᠡᠪᠰᠢ pdf ᠵᠠᠭᠪᠤᠷ ᠲᠤ | ᠰᠢᠯᠵᠢᠭᠦᠯᠦᠭᠰᠡᠨ ᠤ ᠳᠠᠷᠠᠭ᠎ᠠ ᠳᠠᠬᠢᠨ ᠲᠤᠰᠢᠶᠠᠵᠤ ᠢᠯᠡᠭᠡᠬᠦ ᠬᠡᠷᠡᠭᠲᠡᠢ᠂ ᠡᠷᠬᠡᠪᠰᠢ ᠰᠢᠤᠳᠠᠨ ᠤ ᠵᠦᠢᠯ ᠢ ᠵᠥᠪ | ᠢᠯᠡᠭᠡᠬᠦ᠂ ᠳᠠᠮᠵᠢᠭᠤᠯᠬᠤ ᠵᠠᠭᠪᠤᠷ ᠢ ᠵᠥᠪ ᠣᠨᠣᠪᠴᠢᠲᠠᠶ ᠶᠠᠪᠤᠭᠤᠯᠬᠤ ᠶᠢ ᠪᠠᠲᠤᠯᠠᠬᠤ ᠬᠡᠷᠡᠭᠲᠡᠢ ︵ᠡᠷᠬᠡᠪᠰᠢ pdf | ᠵᠠᠭᠪᠤᠷ ᠤᠨ ᠵᠥᠪ ᠣᠨᠣᠪᠴᠢᠲᠠᠶ᠂ ᠪᠤᠷᠤᠭᠤ ᠮᠥᠷ ᠦᠭᠡᠢ᠂ ᠨᠢᠭᠤᠷ ᠭᠡᠭᠡᠬᠦ ᠦᠭᠡᠢ ᠵᠡᠷᠭᠡ ᠪᠠᠶᠢᠳᠠᠯ ᠢ ᠪᠠᠲᠤᠯᠠᠵᠤ᠂ | ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ︶᠃ ᠢᠯᠡᠭᠡᠬᠦ ᠪᠠᠷ | ᠲᠤᠰᠢᠶᠠᠭᠰᠠᠨ ᠰᠢᠤᠳᠠᠨ ᠤ ᠵᠦᠢᠯ ᠤᠨ ᠭᠠᠷᠴᠠᠭ ᠨᠢ ︽ᠴᠢᠳᠠᠪᠤᠷᠢᠲᠠᠨ ᠢ ᠣᠷᠢᠨ ᠠᠪᠴᠢᠷᠠᠬᠤ + ᠣᠪᠣᠭ ᠨᠡᠷ᠎ᠡ︾ | ᠪᠣᠯᠣᠨ᠎ᠠ ᠂ ᠲᠣᠬᠠᠶᠢᠯᠠᠪᠠᠯ᠄ ᠴᠢᠳᠠᠪᠤᠷᠢᠲᠠᠨ ᠢ ᠣᠷᠢᠨ ᠠᠪᠴᠢᠷᠠᠬᠤ + ᠯᠢ ××᠃ 3. ᠨᠡᠷ᠎ᠡ ᠮᠡᠳᠡᠭᠦᠯᠬᠦ | ᠱᠠᠭᠠᠷᠳᠠᠯᠭ᠎ᠠ ︵1︶ ᠨᠡᠷ᠎ᠡ ᠮᠡᠳᠡᠭᠦᠯᠦᠭᠰᠡᠳ ᠠᠯᠪᠠᠨ ᠵᠠᠷ ᠪᠠ ᠠᠵᠢᠯ ᠤᠨ ᠪᠠᠶᠢᠷᠢ ᠶᠢᠨ ᠬᠦᠰᠦᠨᠦᠭᠲᠦ ᠶᠢ ᠨᠠᠷᠢᠨ | ᠬᠢᠨᠠᠮᠠᠭᠠᠢ ᠤᠩᠰᠢᠵᠤ᠂ ᠬᠤᠪᠢ ᠬᠥᠮᠥᠨ ᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ ᠶᠢ ᠨᠠᠷᠢᠨ ᠢᠯᠭᠠᠬᠤ | ᠬᠡᠷᠡᠭᠲᠡᠢ᠃ ︵2︶ ᠤᠷᠢᠭᠳᠠᠭᠰᠠᠳ ᠡᠷᠬᠡᠪᠰᠢ ᠰᠦᠯᠵᠢᠶᠡᠨ ᠳᠡᠭᠡᠷ᠎ᠡ ᠲᠤᠰᠢᠶᠠᠭᠰᠠᠨ ᠮᠠᠲ᠋ᠧᠷᠢᠶᠠᠯ ᠤᠨ ᠦᠨᠡᠨ | ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠂ ᠪᠦᠲᠦᠮᠵᠢᠲᠦ ᠴᠢᠨᠠᠷ ᠲᠤ ᠬᠠᠷᠢᠭᠤᠴᠠᠬᠤ | ᠬᠡᠷᠡᠭᠲᠡᠢ᠂ ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠂ ᠣᠨᠣᠪᠴᠢ ᠦᠭᠡᠢ᠂ ᠪᠦᠷᠢᠨ ᠭᠦᠢᠴᠡᠳ ᠪᠤᠰᠤ | ᠠᠴᠠ ᠪᠣᠯᠵᠤ ᠨᠡᠷ᠎ᠡ ᠮᠡᠳᠡᠭᠦᠯᠬᠦ᠂ ᠨᠢᠭᠤᠷᠲᠠᠨ ᠰᠢᠯᠭᠠᠬᠤ ᠪᠤᠶᠤ ᠤᠷᠢᠵᠤ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ | ᠬᠠᠷᠢᠭᠤᠴᠠᠯᠭ᠎ᠠ ᠶᠢ ᠥᠪᠡᠷ ᠢᠶᠠᠨ ᠬᠠᠷᠢᠭᠤᠴᠠᠨ᠎ᠠ᠃ ᠨᠡᠷ᠎ᠡ ᠮᠡᠳᠡᠭᠦᠯᠬᠦ ᠦᠶ᠎ᠡ ᠳᠤ ᠦᠯᠡᠳᠡᠭᠡᠭᠰᠡᠨ ᠤᠲᠠᠰᠤᠨ ᠤ | ᠨᠣᠮᠧᠷ ᠨᠢ ᠴᠢᠳᠠᠪᠤᠷᠢᠲᠠᠨ ᠣᠷᠢᠬᠤ ᠬᠤᠭᠤᠴᠠᠭᠠᠨ ᠳᠤ ᠡᠷᠬᠡᠪᠰᠢ ᠰᠠᠭᠠᠳ ᠦᠭᠡᠢ ᠪᠠᠶᠢᠬᠤ ᠬᠡᠷᠡᠭᠲᠡᠢ᠂ ᠤᠲᠠᠰᠤᠨ ᠤ | ᠨᠣᠮᠧᠷ ᠨᠢ ᠨᠡᠪᠲᠡᠷᠡᠬᠦ ᠠᠷᠭ᠎ᠠ ᠦᠭᠡᠢ ᠪᠤᠶᠤ ᠦᠯᠡᠳᠡᠭᠡᠭᠰᠡᠨ ᠤᠲᠠᠰᠤᠨ ᠤ ᠨᠣᠮᠧᠷ ᠨᠢ ᠪᠤᠷᠤᠭᠤᠳᠠᠭᠰᠠᠨ ᠠᠴᠠ ᠪᠣᠯᠵᠤ | ᠲᠣᠰ ᠬᠥᠮᠥᠨ ᠤ ᠴᠢᠳᠠᠪᠤᠷᠢᠲᠠᠨ ᠣᠷᠣᠭᠤᠯᠵᠤ ᠠᠪᠴᠢᠷᠠᠬᠤ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ | ᠥᠪᠡᠷ ᠢᠶᠠᠨ ᠬᠠᠷᠢᠭᠤᠴᠠᠨ᠎ᠠ᠃ ︵3︶ ᠨᠡᠷ᠎ᠡ ᠮᠡᠳᠡᠭᠦᠯᠬᠦ ᠦᠶ᠎ᠡ ᠳᠤ ᠡᠷᠬᠡᠪᠰᠢ ᠲᠣᠰ ᠬᠥᠮᠥᠨ ᠤ ᠣᠶᠢᠷ᠎ᠠ ᠶᠢᠨ | ᠬᠤᠭᠤᠴᠠᠭᠠᠨ ᠤ ᠨᠢᠭᠤᠷ ᠲᠠᠯ᠎ᠠ ᠶᠢᠨ ᠬᠥᠬᠡ ᠥᠩᠭᠡ ᠶᠢᠨ ᠬᠦᠰᠢᠭᠡᠳᠣ ᠮᠠᠯᠠᠭᠠᠢ ᠦᠭᠡᠢ ᠳ᠋ᠠᠶᠢᠲᠨ ᠪᠤᠳᠤᠭᠲᠤ ᠬᠡᠷᠡᠯ | ᠵᠢᠷᠤᠭ ᠢ ᠳᠠᠮᠵᠢᠭᠤᠯᠬᠤ ᠬᠡᠷᠡᠭᠲᠡᠢ᠂ ︽ᠨᠡᠷ᠎ᠡ ᠮᠡᠳᠡᠭᠦᠯᠬᠦ ᠬᠦᠰᠦᠨᠦᠭᠲᠦ︾ ᠶᠢᠨ ᠵᠠᠭᠪᠣᠷ ᠢ ᠳᠤᠷ᠎ᠠ ᠪᠠᠷ ᠢᠶᠠᠨ | ᠥᠭᠡᠷᠡᠴᠢᠯᠡᠵᠦ ᠪᠣᠯᠬᠤ ᠦᠭᠡᠢ᠃ ︵4︶ ᠤᠷᠢᠭᠳᠠᠭᠰᠠᠳ ᠲᠣᠪᠴᠢ ᠨᠠᠮᠲᠠᠷ ᠢᠶᠠᠨ ᠲᠠᠭᠯᠠᠬᠤ ᠳᠠᠭᠠᠨ ᠲᠡᠭᠡᠳᠣ | ᠳᠤᠮᠳᠠᠳᠤ ᠰᠤᠷᠭᠠᠭᠤᠯᠢ ᠶᠢᠨ ᠦᠶ᠎ᠡ ᠠᠴᠠ ᠣᠳᠣ ᠪᠣᠯᠲᠠᠯᠠᠬᠢ ᠪᠦᠬᠦ ᠥᠩᠭᠡᠷᠡᠯᠲᠡ ᠪᠠᠨ ᠪᠦᠷᠢᠨ ᠲᠠᠭᠯᠠᠵᠤ᠂ ᠴᠠᠭ | ᠬᠤᠭᠤᠴᠠᠭ᠎ᠠ ᠶᠢ ᠨᠢ ᠲᠠᠰᠤᠯᠳᠠᠭᠤᠯᠬᠤ ᠪᠤᠶᠤ ᠬᠤᠭᠤᠰᠤᠨ ᠪᠠᠶᠢᠯᠭᠠᠵᠤ ᠪᠣᠯᠬᠤ ᠦᠭᠡᠢ᠃ ᠰᠤᠷᠤᠯᠴᠠᠭᠰᠠᠨ | ᠥᠩᠭᠡᠷᠡᠯᠲᠡ᠄ ᠰᠤᠷᠭᠠᠭᠤᠯᠢ ᠳᠤ ᠣᠷᠣᠬᠤ ︵ᠲᠡᠭᠡᠳᠣ ᠵᠡᠷᠭᠡ ᠶᠢᠨ ᠳᠤᠮᠳᠠᠳᠤ ᠰᠤᠷᠭᠠᠭᠤᠯᠢ᠂ ᠵᠢᠩᠬᠢᠨᠢ ᠠᠩᠭᠢ᠂ | ᠠᠰᠫᠢᠷᠠᠨᠲ᠂ ᠳ᠋ᠣᠺᠲ᠋ᠣᠷ︶ ᠶᠢᠨ ᠡᠬᠢᠯᠡᠯᠲᠡ ᠲᠡᠭᠦᠰᠬᠡᠯ ᠤᠨ ᠣᠨ ᠰᠠᠷ᠎ᠠ᠂ ᠳᠡᠭᠡᠳᠦ ᠰᠤᠷᠭᠠᠭᠤᠯᠢ᠂ ᠰᠠᠯᠪᠤᠷᠢ᠂ | ᠲᠤᠰᠬᠠᠢ ᠮᠡᠷᠭᠡᠵᠢᠯ᠂ ᠡᠷᠳᠡᠮ ᠤᠨ ᠴᠣᠯᠠ ᠶᠢ ᠲᠠᠭᠯᠠᠨ᠎ᠠ᠃ ᠠᠵᠢᠯ ᠤᠨ ᠲᠣᠪᠴᠢ ᠨᠠᠮᠲᠠᠷ᠄ ᠨᠡᠷ᠎ᠡ ᠮᠡᠳᠡᠭᠦᠯᠬᠦ ᠡᠳᠦᠷ | ᠪᠣᠯᠲᠠᠯᠠᠬᠢ ᠠᠵᠢᠯ ᠤᠨ ᠥᠩᠭᠡᠷᠡᠯᠲᠡ ᠶᠢ ᠡᠬᠢᠯᠡᠵᠦ ᠠᠵᠢᠯᠯᠠᠭᠰᠠᠨ ᠣᠨ ᠰᠠᠷ᠎ᠠ᠂ ᠠᠵᠢᠯᠯᠠᠭᠰᠠᠨ ᠪᠤᠶᠤ | ᠦᠢᠯᠡᠴᠢᠯᠡᠭᠡᠨ ᠤ ᠨᠢᠭᠡᠴᠢ᠂ ᠡᠷᠭᠢᠯᠡᠵᠦ ᠪᠠᠶᠢᠭ᠎ᠠ ᠠᠵᠢᠯ ᠢᠶᠠᠨ ᠲᠠᠭᠯᠠᠨ ᠪᠢᠴᠢᠨ᠎ᠡ᠃ ᠲᠣᠪᠴᠢ ᠨᠠᠮᠲᠠᠷ ᠤᠨ ᠵᠠᠭᠪᠤᠷ᠄ | **** ᠣᠨ ᠤ ** ᠰᠠᠷ᠎ᠠ ︱ **** ᠣᠨ ᠤ ** ᠰᠠᠷ᠎ᠠ ᠶᠢᠨ ** ᠰᠤᠷᠭᠠᠭᠤᠯᠢ ᠶᠢᠨ ** ᠲᠤᠰᠬᠠᠢ ᠮᠡᠷᠭᠡᠵᠢᠯ ** | ᠡᠷᠳᠡᠮ ᠤᠨ ᠴᠣᠯᠠ ᠣᠯᠪᠠ **** ᠣᠨ ᠤ ** ᠰᠠᠷ᠎ᠠ ︱ **** ᠣᠨ ᠤ ** ᠰᠠᠷ᠎ᠠ ᠶᠢᠨ ** ᠨᠢᠭᠡᠴᠢ ** | ᠠᠵᠢᠯᠯᠠᠪᠠ᠃ ︵ᠭᠤᠷᠪᠠ︶ ᠬᠢᠷᠢ ᠬᠡᠮ ᠤᠨ ᠬᠢᠨᠠᠨ ᠬᠠᠷᠭᠤᠭᠤᠯᠤᠯᠲᠠ ᠳᠤ ᠨᠡᠷ᠎ᠡ ᠮᠡᠳᠡᠭᠦᠯᠦᠭᠰᠡᠳ ᠤᠨ | ᠲᠤᠰᠢᠶᠠᠭᠰᠠᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠮᠠᠲ᠋ᠧᠷᠢᠶᠠᠯ ᠳᠤ ᠬᠢᠷᠢ ᠬᠡᠮ ᠤᠨ ᠬᠢᠨᠠᠨ ᠬᠠᠷᠭᠤᠭᠤᠯᠤᠯᠲᠠ | ᠬᠢᠵᠦ᠂ ᠨᠢᠭᠤᠷᠲᠠᠨ ᠰᠢᠯᠭᠠᠬᠤ ᠨᠥᠬᠦᠴᠡᠯ ᠳᠤ ᠨᠡᠶᠢᠴᠡᠭᠰᠡᠨ ᠬᠥᠮᠥᠨ ᠢ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶ | ᠳᠤ ᠨᠡᠶᠢᠲᠡᠯᠡᠨ᠎ᠡ᠃ ︵ᠳᠥᠷᠪᠡ︶ ᠨᠢᠭᠤᠷᠲᠠᠨ ᠰᠢᠯᠭᠠᠬᠤ ᠶᠢ ᠥᠪᠥᠷ ᠮᠣᠩᠭᠤᠯ ᠤᠨ ᠲᠡᠭᠡᠳᠣ ᠰᠢᠨ᠎ᠠ ᠬᠤᠪᠢ | ᠡᠵᠡᠮᠳᠡᠬᠦ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ | ᠣᠷᠢᠨᠠᠪᠴᠢᠷᠠᠬᠤ ᠤᠳᠤᠷᠢᠳᠬᠤ ᠳᠤᠭᠤᠶᠢᠯᠠᠩ ᠠᠴᠠ ᠭᠤᠷᠪᠠᠳᠠᠭᠢ ᠡᠲᠡᠭᠡᠳ ᠲᠤ ᠨᠠᠶᠢᠳᠠᠵᠤ ᠨᠢᠭᠤᠷᠲᠠᠨ | ᠰᠢᠯᠭᠠᠨ᠎ᠠ᠃ 1. ᠨᠢᠭᠤᠷᠲᠠᠨ ᠰᠢᠯᠭᠠᠬᠤ ᠴᠠᠭ᠂ ᠭᠠᠵᠠᠷ ᠵᠢᠴᠢ ᠪᠤᠰᠤᠳ ᠤᠴᠢᠷ ᠶᠠᠪᠤᠳᠠᠯ ᠢ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www. | rev.gov.cn︶ ᠪᠠᠷ ᠳᠠᠮᠵᠢᠭᠤᠯᠤᠨ ᠲᠣᠰᠬᠠᠶᠢᠯᠠᠨ ᠮᠡᠳᠡᠭᠳᠡᠨ᠎ᠡ᠃ 2. ᠲᠣᠰ ᠤᠳᠠᠭᠠᠨ ᠤ ᠴᠢᠳᠠᠪᠤᠷᠢᠲᠠᠨ ᠢ | ᠣᠷᠢᠨ ᠠᠪᠴᠢᠷᠠᠬᠤ ᠳᠤ ᠪᠦᠲᠦᠴᠡ ᠶᠢᠨ ᠴᠢᠨᠠᠷᠲᠠᠢ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠠᠷᠪᠠᠲᠤ ᠶᠢᠨ ᠪᠤᠲᠠᠷᠬᠠᠢ ᠶᠢᠨ ᠴᠡᠭ ᠤᠨ ᠠᠷᠤ ᠳᠤ ᠬᠤᠶᠠᠷ | ᠠᠷᠪᠠᠲᠤ ᠶᠢᠨ ᠪᠤᠲᠠᠷᠬᠠᠢ ᠶᠢ ᠦᠯᠡᠳᠡᠭᠡᠵᠦ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ 85 ᠬᠤᠪᠢ ᠠᠴᠠ | ᠳᠡᠭᠡᠭᠰᠢ ᠪᠠᠶᠢᠪᠠᠯ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷᠠᠳᠤ ᠵᠡᠷᠭᠡ ᠶᠢᠨ | ᠲᠤᠭ᠎ᠠ ᠪᠠᠷ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ | ᠲᠣᠭᠲᠠᠭᠠᠨ᠎ᠠ᠃ ᠣᠷᠢᠨ ᠠᠪᠴᠢᠷᠠᠬᠤ ᠲᠥᠯᠥᠪᠯᠡᠭᠡ ᠶᠢᠨ ᠳᠣᠲᠣᠷᠠᠬᠢ ᠬᠠᠮᠤᠭ ᠤᠨ ᠰᠡᠭᠦᠯᠴᠢ ᠶᠢᠨ ᠨᠢᠭᠡ | ᠤᠷᠢᠭᠳᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠠᠳᠠᠯᠢᠬᠠᠨ ᠪᠣᠯᠪᠠᠯ᠂ ᠨᠡᠮᠡᠯᠲᠡ ᠰᠢᠯᠭᠠᠯᠲᠠ | ᠬᠢᠵᠦ᠂ ᠨᠡᠮᠡᠯᠲᠡ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠪᠣᠭᠤᠨᠢ ᠶᠢᠨ ᠳᠠᠷᠠᠭᠠᠯᠠᠯ ᠢᠶᠠᠷ ᠳᠡᠮᠵᠢᠨ᠂ | ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ | ᠲᠣᠭᠲᠠᠭᠠᠨ᠎ᠠ᠃ 3. ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ᠂ ᠰᠢᠨᠵᠢᠯᠡᠨ | ᠪᠠᠶᠢᠴᠠᠭᠠᠬᠤ ᠵᠢᠱᠢᠭᠳᠡᠭᠴᠢ ᠶᠢᠨ ᠨᠡᠷᠡᠰ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠵᠠᠰᠠᠭ ᠤᠨ ᠶᠠᠪᠤᠳᠠᠯ ᠤᠨ ᠫᠤᠷᠲ᠋ᠧᠯ ᠰᠦᠯᠵᠢᠶ᠎ᠡ ︵http://www.rev.gov.cn︶ ᠳᠤ ᠨᠡᠶᠢᠲᠡᠯᠡᠨ᠎ᠡ᠃ ︵ | ᠲᠠᠪᠤ︶ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠬᠢᠬᠦ 1. ᠪᠡᠶ᠎ᠡ ᠶᠢᠨ ᠪᠠᠶᠢᠴᠠᠭᠠᠯᠲᠠ᠃ ᠪᠡᠶ᠎ᠡ ᠶᠢᠨ | ᠪᠠᠶᠢᠴᠠᠭᠠᠯᠲᠠ ᠶᠢ ᠴᠢᠳᠠᠪᠤᠷᠢᠲᠠᠨ ᠣᠷᠢᠨ ᠠᠪᠴᠢᠷᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠢᠭᠠᠨ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨ᠎ᠡ᠃ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠤᠶᠤ | ᠪᠠᠷᠢᠮᠵᠢᠶ᠎ᠠ ᠶᠢ ᠠᠯᠪᠠᠲᠠᠨ ᠡᠯᠰᠡᠨ ᠬᠡᠷᠡᠭᠯᠡᠬᠦ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ | ᠶᠠᠪᠤᠭᠳᠠᠭᠤᠯᠤᠨ᠎ᠠ᠂ ᠤᠷᠢᠭᠳᠠᠭᠰᠠᠳ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠦᠭᠡᠢ᠂ ᠪᠡᠶ᠎ᠡ ᠶᠢᠨ | ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠠᠳ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠦᠨᠡᠨ ᠪᠣᠰᠣ ᠪᠣᠯᠪᠠᠯ᠂ ᠲᠡᠭᠦᠨ ᠤ | ᠤᠷᠢᠨ ᠬᠡᠷᠡᠭᠯᠡᠬᠦ ᠬᠢᠷᠢ ᠬᠡᠮ ᠢ ᠬᠦᠴᠦᠨ ᠦᠭᠡᠢ ᠪᠣᠯᠭᠠᠬᠤ ᠶᠢᠨ ᠬᠠᠮᠲᠤ ᠨᠢᠭᠤᠷᠲᠠᠨ ᠰᠢᠯᠭᠠᠯᠲᠠ ᠶᠢᠨ ᠬᠢᠷᠢ | ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠢᠶᠠᠷ ᠳᠠᠷᠠᠭᠠᠯᠠᠨ ᠨᠦᠬᠦᠪᠦᠷᠢᠯᠡᠨ᠎ᠡ᠂ ᠨᠢᠭᠡ ᠯᠡ | ᠤᠳᠠᠭ᠎ᠠ ᠨᠥᠬᠦᠪᠦᠷᠢᠯᠡᠨ᠎ᠡ᠃ 2. ᠬᠢᠨᠠᠨ ᠪᠠᠶᠢᠴᠠᠭᠠᠬᠤ᠃ ᠰᠢᠯᠭᠠᠨ ᠪᠠᠶᠢᠴᠠᠭᠠᠬᠤ ᠠᠵᠢᠯ ᠢ ᠴᠢᠳᠠᠪᠤᠷᠢᠲᠠᠨ ᠢ | ᠣᠷᠢᠨᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠬᠠᠷᠢᠭᠤᠴᠠᠵᠤ ᠪᠣᠳᠠᠲᠠᠢ ᠪᠠᠷ ᠶᠠᠪᠤᠭᠳᠠᠭᠤᠯᠤᠨ᠎ᠠ᠃ | ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠰ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠡ᠃ ᠬᠢᠨᠠᠨ | ᠪᠠᠶᠢᠴᠠᠭᠠᠬᠤ ᠠᠵᠢᠯ ᠳᠤ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ᠭᠤᠣᠯᠳᠠᠭᠤ ᠰᠢᠯᠢᠭᠳᠡᠭᠰᠡᠨ | ᠬᠥᠮᠥᠰ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ | ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠬᠢᠨᠠᠨ | ᠪᠠᠶᠢᠴᠠᠭᠠᠨ᠎ᠠ᠃ ᠡᠩ ᠤᠨ ᠪᠠᠶᠢᠳᠠᠯ ᠳᠤ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ | ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠯᠭᠠᠨ ᠪᠠᠶᠢᠴᠠᠭᠠᠭᠴᠢ ᠲᠠᠢ ᠨᠢᠭᠤᠷᠲᠠᠨ | ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠰᠢᠯᠭᠠᠨ ᠪᠠᠶᠢᠴᠠᠭᠠᠭᠳᠠᠬᠤ ᠡᠲᠡᠭᠡᠳ ᠤᠨ ᠶᠡᠷᠦᠩᠬᠡᠢ ᠬᠡᠪ | ᠴᠢᠨᠠᠷ ᠵᠢᠴᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠦᠨᠳᠦᠰᠦᠨ ᠴᠢᠳᠠᠪᠤᠷᠢ ᠶᠢ ᠪᠥᠬᠦ | ᠲᠠᠯ᠎ᠠ ᠪᠠᠷ᠂ ᠣᠨᠣᠪᠴᠢᠲᠠᠶ᠂ ᠪᠤᠰᠤᠳᠴᠢ ᠪᠠᠷ ᠦᠨᠡᠯᠡᠨ᠎ᠡ᠃ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠤᠶᠤ | ᠥᠪᠡᠷ ᠢᠶᠠᠨ ᠲᠠᠶᠠᠭᠳᠠᠭᠰᠠᠨ ᠰᠢᠯᠭᠠᠭᠤᠯᠤᠭᠴᠢ ᠶᠢᠨ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠬᠤ ᠶᠢᠨ ᠬᠠᠮᠲᠤ᠂ | ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠢᠶᠠᠷ | ᠳᠠᠷᠠᠭᠠᠯᠠᠨ ᠨᠦᠬᠦᠪᠦᠷᠢᠯᠡᠨ᠎ᠡ᠂ ᠨᠢᠭᠡ ᠯᠡ ᠤᠳᠠᠭ᠎ᠠ ᠨᠥᠬᠦᠪᠦᠷᠢᠯᠡᠨ᠎ᠡ᠃ ︵ᠵᠢᠷᠭᠤᠭ᠎ᠠ︶ ᠤᠷᠢᠨ ᠬᠡᠷᠡᠭᠯᠡᠬᠦ ᠪᠠᠷ | ᠪᠠᠶᠢᠭ᠎ᠠ ᠬᠥᠮᠥᠰ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ | ᠫᠤᠷᠲ᠋ᠧᠯ ᠰᠦᠯᠵᠢᠶ᠎ᠡ ︵http://www.rev.gov.cn︶ ᠳᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ | ᠬᠤᠭᠤᠴᠠᠭ᠎ᠠ ᠨᠢ 5 ᠠᠵᠢᠯᠯᠠᠬᠤ ᠡᠳᠦᠷ᠃ ︵ᠳᠣᠯᠤᠭ᠎ᠠ︶ ᠤᠷᠢᠨ ᠬᠡᠷᠡᠭᠯᠡᠬᠦ ᠶᠢ ᠢᠯᠡ ᠨᠡᠶᠢᠲᠡᠯᠡᠬᠦ ᠬᠤᠭᠤᠴᠠᠭ᠎ᠠ | ᠳᠦᠭᠦᠷᠦᠭᠰᠡᠨ ᠪᠠᠶᠢᠲᠠᠯ᠎ᠠ ᠣᠨᠳᠣᠣ ᠰᠠᠨᠠᠯ ᠦᠭᠡᠢ ᠪᠠᠶᠢᠪᠠᠯ᠂ ᠠᠵᠢᠯᠲᠠᠨ ᠤ ᠶᠠᠪᠤᠳᠠᠯ ᠤᠨ ᠤᠷᠢᠨ ᠬᠡᠷᠡᠭᠯᠡᠬᠦ | ᠭᠠᠷᠳᠠᠮ ᠢ ᠭᠦᠢᠴᠡᠳᠬᠡᠨ᠎ᠡ᠃ ᠤᠷᠢᠭᠳᠠᠭᠰᠠᠳ ᠲᠣᠭᠲᠠᠭᠰᠠᠨ ᠴᠠᠭ ᠲᠤ ᠨᠡᠷ᠎ᠡ ᠮᠡᠳᠡᠭᠦᠯᠵᠦ᠂ ᠲᠣᠭᠲᠠᠭᠰᠠᠨ | ᠴᠠᠭ ᠲᠤ ᠨᠡᠷ᠎ᠡ ᠮᠡᠳᠡᠭᠦᠯᠦᠭᠰᠡᠨ ᠦᠭᠡᠢ ᠪᠤᠶᠤ ᠤᠷᠢᠨ ᠬᠡᠷᠡᠭᠯᠡᠬᠦ ᠨᠡᠷᠡᠰ ᠢ ᠵᠠᠷᠯᠠᠨ ᠨᠡᠶᠢᠲᠡᠯᠡᠬᠦ ᠬᠤᠭᠤᠴᠠᠭ᠎ᠠ | ᠳᠦᠭᠦᠷᠦᠭᠰᠡᠨ ᠤ ᠳᠠᠷᠠᠭ᠎ᠠ 30 ᠠᠵᠢᠯᠯᠠᠬᠤ ᠡᠳᠦᠷ ᠤᠨ ᠳᠣᠲᠣᠷ᠎ᠠ ᠪᠤᠰᠤᠳ ᠨᠢᠭᠡᠴᠡ ᠲᠠᠢ ᠬᠥᠳᠡᠯᠮᠦᠷᠢ ᠶᠢᠨ | ᠭᠡᠷ᠎ᠡ ᠪᠠᠨ ᠬᠦᠴᠦᠨ ᠦᠭᠡᠢ ᠪᠣᠯᠭᠠᠭᠠᠳᠤᠢ ᠬᠥᠮᠥᠰ ᠢ ᠡᠯᠰᠡᠨ ᠬᠡᠷᠡᠭᠯᠡᠬᠦ ᠬᠢᠷᠢ ᠬᠡᠮ ᠢᠶᠠᠨ ᠠᠶᠠᠨᠳᠠᠭᠠᠨ | ᠬᠠᠶᠠᠭᠰᠠᠨ ᠢᠶᠠᠷ ᠦᠵᠡᠵᠦ᠂ ᠶᠡᠷᠦᠩᠬᠡᠢ ᠬᠢᠷᠢ ᠪᠦᠲᠦᠮᠵᠢ ᠶᠢᠨ ᠥᠨᠳᠥᠷ ᠪᠣᠭᠤᠨᠢ ᠶᠢᠨ ᠲᠠᠰ ᠳᠠᠷᠠᠭᠠᠯᠠᠯ ᠢᠶᠠᠷ | ᠳᠠᠷᠠᠭᠠᠯᠠᠨ ᠨᠥᠬᠦᠪᠦᠷᠢᠯᠡᠨ᠎ᠡ᠃ ᠰᠢᠨ᠎ᠡ ᠪᠠᠷ ᠤᠷᠢᠨ ᠬᠡᠷᠡᠭᠯᠡᠬᠦ ᠬᠥᠮᠥᠰ ᠲᠤ ᠲᠤᠷᠰᠢᠨ ᠬᠡᠷᠡᠭᠯᠡᠬᠦ ᠬᠤᠭᠤᠴᠠᠭ᠎ᠠ ᠶᠢᠨ | ᠳᠦᠷᠢᠮ ᠢ ᠬᠡᠷᠡᠭᠵᠢᠭᠦᠯᠵᠦ᠂ ᠲᠤᠷᠰᠢᠨ ᠬᠡᠷᠡᠭᠯᠡᠬᠦ ᠬᠤᠭᠤᠴᠠᠭ᠎ᠠ ᠨᠢ 2 ᠰᠠᠷ᠎ᠠ᠂ ᠲᠤᠷᠰᠢᠨ ᠬᠡᠷᠡᠭᠯᠡᠬᠦ ᠬᠤᠭᠤᠴᠠᠭ᠎ᠠ | ᠨᠢ ᠳᠦᠭᠦᠷᠦᠭᠡᠳ ᠬᠢᠨᠠᠨ ᠰᠢᠯᠭᠠᠭᠠᠳ ᠬᠢᠷᠢ ᠲᠡᠩᠴᠡᠭᠰᠡᠳ ᠢ ᠵᠢᠩᠬᠢᠨᠢ ᠪᠠᠷ ᠤᠷᠢᠨ ᠬᠡᠷᠡᠭᠯᠡᠬᠦ ᠳᠤ᠂ ︽ᠲᠠᠪᠤᠨ | ᠳᠠᠭᠠᠳᠬᠠᠯ ᠨᠢᠭᠡ ᠮᠥᠩᠭᠦ︾ ᠵᠢᠴᠢ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠬᠥᠯᠥᠰᠦ ᠣᠯᠭᠤᠮᠵᠢ ᠶᠢᠨ | ᠣᠯᠭᠤᠮᠵᠢ ᠶᠢ ᠬᠦᠷᠲᠡᠭᠡᠨ᠎ᠡ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠨᠠᠨ ᠰᠢᠯᠭᠠᠯᠲᠠ ᠳᠤ ᠬᠢᠷᠢ | ᠲᠡᠩᠴᠡᠭᠰᠡᠨ ᠦᠭᠡᠢ ᠪᠠᠶᠢᠪᠠᠯ ᠤᠷᠢᠵᠤ ᠬᠡᠷᠡᠭᠯᠡᠬᠦ ᠶᠢ ᠬᠦᠴᠦᠨ ᠦᠭᠡᠢ ᠪᠣᠯᠭᠠᠨ᠎ᠠ᠃ | ᠳᠥᠷᠪᠡ᠂ ᠪᠤᠰᠤᠳ ᠶᠠᠪᠤᠳᠠᠯ ᠤᠳ | ︵ᠨᠢᠭᠡ︶ ᠨᠡᠷ᠎ᠡ ᠮᠡᠳᠡᠭᠦᠯᠦᠭᠰᠡᠳ ᠲᠤᠰᠢᠶᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ | ᠬᠠᠷᠢᠭᠤᠴᠠᠬᠤ ᠬᠡᠷᠡᠭᠲᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠳ ᠢ ᠪᠠᠶᠢᠴᠠᠭᠠᠨ ᠲᠣᠳᠣᠯᠠᠮᠠᠭᠴᠠ ᠰᠢᠯᠭᠠᠨ | ᠡᠯᠰᠡᠬᠦ ᠬᠢᠷᠢ ᠬᠡᠮ ᠢ ᠨᠢ ᠬᠠᠰᠤᠨ᠎ᠠ᠃ | ︵ᠬᠤᠶᠠᠷ︶ ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠦᠶ᠎ᠡ ᠳᠤ ᠲᠠᠭᠯᠠᠨ ᠪᠢᠴᠢᠭᠰᠡᠨ ᠬᠠᠷᠢᠯᠴᠠᠬᠤ | ᠤᠲᠠᠰᠤᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠮᠡᠳᠡᠭᠳᠡᠬᠦ ᠳᠤ | ᠲᠥᠬᠦᠮ ᠪᠣᠯᠭᠠᠨ᠎ᠠ᠃ ᠴᠢᠳᠠᠪᠤᠷᠢᠲᠠᠨ ᠢ ᠣᠷᠢᠨ ᠠᠪᠴᠢᠷᠠᠬᠤ ᠬᠤᠭᠤᠴᠠᠭᠠᠨ ᠳᠤ ᠣᠳᠠᠰᠣ ᠨᠡᠪᠳᠡᠷᠡᠭᠦ ᠦᠭᠡᠢ ᠠᠴᠠ | ᠪᠣᠯᠵᠤ ᠲᠤᠰ ᠬᠥᠮᠥᠨ ᠤ ᠡᠯᠰᠡᠨ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ ᠥᠪᠡᠷ ᠢᠶᠠᠨ | ᠬᠠᠷᠢᠭᠤᠴᠠᠨ᠎ᠠ᠃ | ︵ᠭᠤᠷᠪᠠ︶ ᠪᠣᠰᠣᠳ ᠵᠦᠢᠯᠡᠰ ᠢ ᠥᠪᠥᠷ ᠮᠣᠩᠭᠤᠯ ᠤᠨ ᠳᠡᠭᠡᠳᠦ ᠰᠢᠨ᠎ᠡ ᠬᠤᠪᠢ ᠡᠵᠡᠮᠳᠡᠬᠦ ᠬᠢᠵᠠᠭᠠᠷᠲᠤ | ᠺᠣᠮᠫᠠᠨᠢ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ | ᠣᠷᠢᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠠᠶᠢᠯᠪᠤᠷᠢᠯᠠᠨ᠎ᠠ᠃ | ᠬᠠᠷᠢᠯᠴᠠᠬᠤ ᠤᠲᠠᠰᠤ᠄ 0472-5255909᠂ 5255960 | ᠬᠢᠨᠠᠯᠲᠠ ᠲᠠᠯᠪᠢᠬᠤ ᠤᠲᠠᠰᠤ᠄ 0472-5310947 |