【ᠲᠠᠪᠤᠨ ᠶᠡᠭᠡ ᠡᠭᠦᠷᠭᠡ】ᠰᠢᠨ᠎ᠡ ᠡᠨᠧᠷᠭᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠭᠠᠭᠴᠠ ᠬᠦᠷᠢᠶᠡᠨ ᠳᠠᠬᠢ ᠳᠠᠪᠠᠭᠤᠯᠢᠭ ᠢ ᠪᠥᠬᠦ ᠬᠡᠯᠬᠢᠶᠡᠨ ᠤ ᠳᠠᠪᠠᠭᠤᠯᠢᠭ ᠪᠣᠯᠭᠠᠨ᠎ᠠ
ᠨᠡᠶᠢᠲᠡᠯᠡᠭᠰᠡᠨ ᠴᠠᠭ᠄
2024/3/21
   ᠡᠨᠧᠷᠭᠢ ᠶᠢᠨ ᠠᠵᠤ ᠦᠢᠯᠡᠰ ᠪᠣᠯ ᠥᠪᠥᠷ ᠮᠣᠩᠭᠤᠯ ᠤᠨ ᠭᠤᠣᠯ ᠠᠵᠤ ᠦᠢᠯᠡᠰ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠱᠠᠩᠳᠤ ᠰᠢᠶᠠᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠵᠠᠭᠪᠤᠷ ᠢ ᠪᠠᠶᠢᠭᠤᠯᠤᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠡᠨᠧᠷᠭᠢ ᠶᠢᠨ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢᠨ ᠠᠯᠬᠤᠴᠠ ᠶᠢ ᠲᠦᠷᠭᠡᠳᠬᠡᠨ᠂ ᠡᠨᠧᠷᠭᠢ ᠶᠢᠨ ᠠᠵᠤ ᠠᠬᠤᠢ ᠶᠢᠨ ︽ᠪᠣᠬᠢᠷᠲᠤᠯ ᠦᠭᠡᠢ︾ ᠵᠠᠮ ᠢᠶᠠᠷ ᠤᠷᠤᠭᠰᠢᠯᠠᠵᠤ᠂ ︽ᠰᠢᠨ᠎ᠡ︾ ᠲᠡᠶᠢᠰᠢ ᠮᠣᠷᠳᠠᠬᠤ ᠶᠢ ᠪᠥᠬᠦ ᠲᠠᠯ᠎ᠠ ᠪᠠᠷ ᠠᠬᠢᠭᠤᠯᠪᠠ    ᠣᠶᠢᠷ᠎ᠠ ᠶᠢᠨ ᠵᠢᠯ ᠤᠳ ᠲᠤ᠂ ᠱᠠᠩᠳᠤ ᠰᠢᠶᠠᠨ ᠭᠠᠵᠠᠷ ᠣᠷᠣᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠷᠢᠳ ᠬᠤᠵᠢᠳ ᠥᠪᠥᠷ ᠮᠣᠩᠭᠤᠯ ᠤᠨ ᠾᠧᠩ ᠱᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠺᠧ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠳᠤ ᠰᠢᠶᠠᠨ ᠤ ᠲᠢᠶᠠᠨ ᠱᠦᠨ ᠲᠥᠬᠦᠭᠡᠷᠦᠮᠵᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ ᠤᠳ ᠢ ᠲᠠᠲᠠᠨ ᠱᠠᠩᠳᠦ ᠳᠤ ᠰᠠᠭᠤᠷᠢᠰᠢᠭᠤᠯᠵᠤ᠂ ᠠᠵᠤ ᠦᠢᠯᠡᠰ ᠤᠨ ᠬᠡᠯᠬᠢᠶᠡᠨ ᠤ ᠣᠳᠣᠬᠢᠴᠢᠯᠠᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠲᠣᠭᠲᠠᠭᠤᠨ᠂ ᠨᠡᠩ ᠠᠮᠤᠷ ᠲᠦᠪᠰᠢᠨ ᠡᠨᠧᠷᠭᠢ ᠶᠢ ᠬᠠᠩᠭᠠᠪᠠ    ᠥᠪᠥᠷ ᠮᠣᠩᠭᠤᠯ ᠤᠨ ᠾᠧᠩ ᠺᠧ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠼᠤᠤ ᠨᠢᠩ᠄ ︽ᠤᠯᠠᠮᠵᠢᠯᠠᠯᠲᠤ ᠴᠡᠨᠡᠭ ᠲᠠᠢ ᠬᠠᠷᠢᠴᠠᠭᠤᠯᠪᠠᠯ᠂ ᠯᠢᠲ᠋ᠢ ᠢᠶᠤᠨ ᠤ ᠴᠡᠨᠡᠭ ᠨᠢ ᠣᠷᠴᠢᠨ ᠲᠣᠭᠤᠷᠢᠨ ᠢ ᠨᠡᠩ ᠢᠯᠡᠭᠦᠦ ᠬᠠᠮᠠᠭᠠᠯᠠᠵᠤ᠂ ᠪᠣᠬᠢᠷᠲᠤᠯ ᠦᠭᠡᠢ ᠪᠠᠶᠢᠵᠤ᠂ ᠤᠯᠤᠰ ᠤᠨ ᠰᠢᠨ᠎ᠡ ᠡᠨᠧᠷᠭᠢ ᠶᠢᠨ ᠨᠥᠭᠡᠴᠡ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠤᠲᠠᠭᠳᠠᠯ ᠢ ᠨᠥᠬᠦᠪᠦᠷᠢᠯᠡᠨ᠂ ᠪᠦᠬᠦ ᠨᠡᠶᠢᠭᠡᠮ ᠳᠤ ᠨᠡᠩ ᠪᠣᠬᠢᠷᠲᠤᠯ ᠦᠭᠡᠢ᠂ ᠥᠨᠳᠥᠷ ᠪᠦᠲᠦᠮᠵᠢᠲᠡᠢ ᠴᠡᠪᠡᠷ ᠡᠨᠧᠷᠭᠢ ᠶᠢ ᠬᠠᠩᠭᠠᠵᠤ ᠴᠢᠳᠠᠨ᠎ᠠ᠃︾ ᠭᠡᠵᠦ ᠬᠡᠯᠡᠪᠡ᠃    ᠱᠠᠩᠳᠤ ᠰᠢᠶᠠᠨ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠦᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠬᠦ ᠪᠠᠷ ᠳᠠᠮᠵᠢᠨ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠪᠠ ᠪᠦᠬᠦᠯᠢ ᠴᠣᠭᠴᠠ ᠪᠠᠷ ᠨᠢ ᠠᠬᠢᠭᠤᠯᠬᠤ ᠳᠤᠮᠳᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠪᠠ ᠰᠠᠯᠠᠭ᠎ᠠ ᠮᠥᠴᠢᠷ ᠢ ᠬᠠᠮᠵᠢᠯᠴᠠᠨ ᠬᠥᠳᠡᠯᠦᠯᠴᠡᠭᠦᠯᠵᠦ᠂ ᠨᠢᠭᠲᠠ ᠬᠠᠮᠵᠢᠯᠴᠠᠭᠤᠯᠵᠤ᠂ ︽ᠲᠠᠪᠤᠨ ᠶᠡᠭᠡ ᠡᠭᠦᠷᠭᠡ︾᠎ ᠶᠢ ᠪᠤᠲᠠᠲᠠᠶᠢᠵᠢᠭᠤᠯᠤᠨ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠵᠠᠢ᠃ ︽ᠱᠠᠩᠳᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠳᠦᠷ ᠪᠠᠶᠢᠷᠢ ᠠᠴᠠ ᠠᠬᠢᠭᠤᠯᠵᠤ᠂ ᠰᠢᠶᠠᠨ ᠤ ᠱᠠᠲᠤᠨ ᠤ ᠤᠳᠤᠷᠢᠳᠤᠯᠭ᠎ᠠ ᠲᠦᠰᠦᠯ ᠢ ᠳᠠᠭᠠᠭᠠᠴᠢᠯᠠᠨ ᠬᠠᠷᠢᠯᠴᠠᠬᠤ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠣᠯᠠᠨᠲᠠ ᠬᠤᠷᠠᠯ ᠬᠤᠷᠠᠯᠳᠤᠭᠤᠯᠤᠨ ᠲᠤᠰᠬᠠᠢ ᠰᠡᠳᠦᠪ ᠢᠶᠠᠷ ᠲᠣᠬᠢᠷᠠᠭᠤᠯᠤᠯᠲᠠ ᠬᠢᠭᠰᠡᠨ ᠪᠥᠭᠡᠳ ᠲᠦᠰᠦᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠤᠷ ᠲᠤ ᠨᠢ ᠠᠵᠢᠯᠯᠠᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ ᠬᠠᠮᠤᠭ ᠤᠨ ᠬᠤᠷᠳᠤᠨ ᠢᠶᠠᠷ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠬᠠᠮᠤᠭ ᠤᠨ ᠰᠢᠯᠢᠳᠡᠭ ᠣᠷᠴᠢᠨ ᠨᠦᠬᠦᠴᠡᠯ ᠢᠶᠠᠷ ᠠᠵᠤ ᠠᠬᠤᠶᠢᠯᠠᠯ ᠳᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠲᠦᠰᠦᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠬᠤ ᠶᠢ ᠦᠨᠡᠨ ᠬᠦ ᠪᠠᠲᠤᠯᠠᠪᠠ︾ ᠭᠡᠵᠦ ᠱᠠᠩᠳᠤ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ ᠳᠠᠷᠤᠭ᠎ᠠ ᠠᠨ ᠶᠦᠩ ᠭᠤᠸᠠᠩ ᠬᠡᠯᠡᠪᠡ᠃    2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ᠮᠥᠨ ᠴᠦ ︽14 · 5︾᠎ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠮᠥᠨ ᠴᠦ ᠪᠥᠬᠦ ᠣᠷᠣᠨ ᠢᠶᠠᠷ ᠢᠶᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠠᠩᠬᠠᠷᠤᠯ ᠪᠠ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠲᠡᠶᠢᠰᠢ ᠬᠦᠴᠦᠯᠡᠨ ᠤᠷᠤᠭᠰᠢᠯᠠᠬᠤ ᠴᠢᠬᠤᠯᠠ ᠴᠠᠭ ᠦᠶ᠎ᠡ ᠶᠤᠮ᠃ ᠳᠠᠷᠠᠭᠠᠴᠢ ᠪᠠᠷ᠂ ᠱᠠᠩᠳᠤ ᠰᠢᠶᠠᠨ ᠠᠵᠤ ᠦᠢᠯᠡᠰ ᠤᠨ ᠪᠦᠭᠡᠮᠨᠡᠷᠡᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠᠨ ᠡᠷᠴᠢᠮᠵᠢᠭᠦᠯᠦᠨ᠂ ᠴᠣᠪᠤᠷᠠᠯ ᠢ ᠳᠥᠭᠦᠮᠴᠢᠯᠡᠨ ᠪᠦᠲᠦᠮᠵᠢ ᠶᠢ ᠳᠡᠭᠡᠭᠰᠢᠯᠡᠭᠦᠯᠵᠦ ᠬᠤᠳᠠᠯᠳᠤᠭᠠᠨ ᠤ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠡᠩ ᠤᠯᠠᠨ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠭᠠᠭᠴᠠ ᠬᠦᠷᠢᠶᠡᠨ ᠳᠠᠬᠢ ᠳᠠᠪᠠᠭᠤᠯᠢᠭ ᠢ ᠪᠦᠬᠦ ᠬᠡᠯᠬᠢᠶᠡᠨ ᠤ ᠳᠠᠪᠠᠭᠤᠯᠢᠭ ᠪᠣᠯᠭᠠᠨ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠪᠠ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠴᠢᠬᠤᠯᠠ ᠰᠠᠭᠤᠷᠢᠨ ᠢ ᠬᠦᠴᠦᠯᠡᠨ ᠪᠠᠶᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠢᠭᠲᠤᠷᠢᠬᠤ᠂ ᠴᠢᠨᠠᠷ ᠰᠠᠶᠢᠲᠠᠢ ᠬᠥᠭᠵᠢᠬᠦ ︽ᠲᠦᠷᠭᠡᠨ ᠤ ᠵᠠᠮ︾᠎ ᠳᠤ ᠣᠷᠣᠬᠤ ᠶᠢ ᠠᠬᠢᠭᠤᠯᠵᠤ᠂ ᠣᠳᠣᠬᠢᠴᠢᠯᠠᠭᠰᠠᠨ ᠠᠮᠢ ᠠᠬᠤᠢ ᠶᠢᠨ ᠦᠯᠢᠭᠡᠷ ᠳᠠᠭᠤᠷᠢᠶᠠᠯ ᠰᠢᠶᠠᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠤ ᠰᠢᠶᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠦᠲᠦᠭᠡᠨ ᠪᠠᠶᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号