ᠣᠳᠣᠬᠠᠨ ᠤ ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠵᠢᠯ ᠳᠤ 8000 ᠲᠣᠨ ᠥᠨᠳᠥᠷ ᠴᠢᠳᠠᠪᠬᠢᠲᠤ ᠨᠧᠦᠳᠢᠮ ᠲᠡᠮᠦᠷ ᠪᠤᠷ ᠤᠨ ᠲᠦᠷᠦᠯ ᠵᠦᠢᠯ ᠨᠢ | ᠲᠣᠭᠲᠠᠭᠤᠨ ᠢᠶᠠᠷ ᠦᠢᠯᠡᠳᠪᠦᠷᠢᠯᠡᠬᠦ᠂ ᠠᠯᠬᠤᠮ ᠠᠯᠬᠤᠮ ᠢᠶᠠᠷ ᠨᠡᠮᠡᠭᠳᠡᠬᠦ ᠱᠠᠲᠤᠨ ᠳᠤ ᠪᠠᠶᠢᠵᠤ᠂ ᠬᠦᠴᠦᠷᠬᠡᠭ ᠶᠡᠭᠡ | ᠦᠢᠯᠡᠳᠪᠦᠷᠢᠯᠡᠯ ᠤᠨ ᠴᠢᠳᠠᠪᠤᠷᠢ ᠪᠣᠯᠣᠨ ᠨᠢᠭᠲᠠ ᠠᠴᠠ ᠨᠢᠭᠲᠠ ᠶᠠᠰᠤ ᠴᠢᠨᠠᠷ ᠢᠶᠠᠷ ᠢᠶᠠᠨ ᠺᠣᠮᠫᠠᠨᠢ ᠶᠢᠨ | ᠦᠢᠯᠡᠳᠬᠦᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠬᠡᠷᠡᠭᠯᠡᠭᠴᠢᠳ ᠤᠨ ᠲᠠᠭᠠᠰᠢᠶᠠᠯ ᠢ | ᠣᠯᠣᠭᠰᠠᠨ ᠪᠠᠶᠢᠨ᠎ᠠ᠃ | ᠶᠡᠷᠦᠩᠬᠡᠢ ᠳᠠᠭᠠᠭᠠᠮᠠᠯ ᠰᠣ᠋ ᠴᠢᠤᠸᠠᠨ ᠤ ᠦᠵᠡᠬᠦ ᠪᠠᠷ᠂ ᠶᠢᠨ ᠯᠢ ᠲᠣᠭᠲᠠᠮᠠᠯ ᠰᠣᠷᠢᠨᠵᠢᠨ ᠤ ᠦᠢᠯᠡᠳᠬᠦᠨ ᠤ | ᠲᠣᠭᠲᠠᠵᠤ ᠳᠡᠶᠢᠯᠬᠦ ᠶᠢᠨ ᠵᠠᠩᠭᠢᠯᠠᠭ᠎ᠠ ᠨᠢ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠃ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠶᠢᠨ ᠯᠢ ᠲᠣᠭᠲᠠᠮᠠᠯ ᠰᠣᠷᠢᠨᠵᠢᠨ ᠢᠶᠠᠷ ᠪᠤᠭᠤᠲᠤ ᠳᠤ 1 ᠲᠦᠮᠡᠨ | ᠲᠡᠭᠰᠢ ᠳᠥᠷᠪᠡᠯᠵᠢᠨ ᠮᠥᠳ᠋ᠷ ᠢ ᠳᠠᠪᠠᠭᠰᠠᠨ ᠰᠤᠳᠤᠯᠤᠨ ᠨᠡᠭᠡᠭᠡᠬᠦ ᠲᠣᠮᠣ ᠠᠰᠠᠷ ᠪᠠ ᠲᠤᠷᠰᠢᠯᠲᠠ ᠬᠢᠵᠦ ᠲᠤᠷᠰᠢᠬᠤ | ᠲᠥᠪ ᠢ ᠪᠠᠶᠢᠭᠤᠯᠵᠤ᠂ 100 ᠭᠠᠷᠤᠢ ᠬᠥᠮᠥᠨ ᠤ ᠰᠤᠳᠤᠯᠤᠨ ᠨᠡᠭᠡᠭᠡᠬᠦ ᠡᠩᠨᠡᠭᠡ ᠶᠢ ᠪᠠᠶᠢᠭᠤᠯᠪᠠ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠳᠤ ᠲᠦᠰᠢᠭᠯᠡᠨ᠂ ᠠᠵᠤ | ᠠᠬᠤᠶᠢᠯᠠᠯ ᠣᠶᠢᠷ᠎ᠠ ᠶᠢᠨ ᠬᠤᠶᠠᠷ ᠵᠢᠯ ᠳᠤ 6 ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ | ᠲᠣᠭᠲᠠᠭᠠᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠬᠦᠨᠳᠦ ᠪᠤᠰᠤ ᠬᠤᠪᠣᠷ ᠰᠢᠷᠣᠢ ᠶᠢᠨ | ᠦᠢᠯᠡᠳᠬᠦᠨ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠰᠢᠨ᠎ᠡ ᠮᠠᠲ᠋ᠧᠷᠢᠶᠠᠯ ᠤᠨ ᠵᠥᠪᠰᠢᠶᠡᠷᠡᠯ ᠢ | ᠣᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠬᠦᠷᠢᠶ᠎ᠡ ᠴᠠᠷᠠᠭ᠎ᠠ ᠶᠢᠨ ᠬᠤᠭᠤᠰᠤᠨ ᠢ ᠨᠥᠬᠦᠪᠦᠷᠢᠯᠡᠪᠡ᠃ | ︽10 ᠵᠢᠯ ᠤᠨ ᠡᠮᠦᠨ᠎ᠡ᠂ ᠮᠠᠨ ᠤ ᠲᠣᠭᠲᠠᠮᠠᠯ ᠰᠣᠷᠢᠨᠵᠢᠨ ᠦᠢᠯᠡᠳᠬᠦᠨ ᠤ ᠬᠦᠨᠳᠦ ᠬᠤᠪᠣᠷ ᠰᠢᠷᠣᠢ ᠶᠢᠨ | ᠠᠭᠤᠯᠤᠭᠳᠠᠴᠠ ᠨᠠᠭᠠᠲᠤ ᠵᠠᠬ᠎ᠠ ᠳᠠᠭᠠᠨ 10% ᠪᠠᠶᠢᠪᠠ᠂ ᠣᠲᠣ ᠮᠡᠷᠭᠡᠵᠢᠯ ᠢ ᠲᠠᠰ ᠳᠡᠪᠰᠢᠭᠦᠯᠦᠨ | ᠥᠭᠡᠷᠡᠴᠢᠯᠡᠬᠦ ᠪᠠᠷ ᠳᠡᠮᠵᠢᠨ᠂ ᠬᠦᠨᠳᠦ ᠬᠤᠪᠣᠷ ᠰᠢᠷᠣᠢ ᠶᠢᠨ ᠠᠭᠤᠯᠤᠭᠳᠠᠴᠠ 2% ᠣᠷᠴᠢᠮ ᠪᠠᠶᠢᠪᠠ︾ ᠰᠣ᠋ | ᠴᠢᠣᠸᠠᠨ ᠬᠡᠯᠡᠨ᠎ᠡ᠃ ᠣᠳᠣᠬᠠᠨ ᠳᠤ᠂ ᠪᠤᠭᠤᠲᠤ ᠬᠤᠳᠠ ᠶᠠᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ ᠪᠠᠶᠢᠨ᠎ᠠ᠂ ᠡᠨᠡ ᠨᠢ ᠠᠵᠤ ᠠᠬᠤᠶᠢᠯᠠᠯ ᠢ | ᠦᠢᠯᠡᠳᠬᠦᠨ ᠢᠶᠠᠨ ᠨᠡᠩ ᠰᠠᠶᠢᠨ ᠬᠢᠬᠦ ᠢᠲᠡᠭᠡᠯ ᠲᠠᠢ ᠪᠣᠯᠭᠠᠪᠠ᠃ ᠣᠳᠣᠬᠠᠨ ᠳᠤ᠂ ᠠᠯᠲᠠᠨ ᠬᠦᠴᠦᠨ ᠤ ᠲᠣᠭᠲᠠᠮᠠᠯ | ᠰᠣᠷᠢᠨᠵᠢᠨ ᠨᠢ ᠨᠢᠭᠡᠨᠲᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠬᠦᠷᠢᠶᠡᠨ ᠳᠠᠬᠢ ᠲᠠᠯᠠᠰᠲᠤ ᠶᠢᠨ | ᠨᠡᠪᠴᠢᠯᠲᠡ ᠶᠢᠨ ᠮᠡᠷᠭᠡᠵᠢᠯ ᠢᠶᠠᠷ ᠭᠤᠣᠯ ᠪᠣᠯᠭᠠᠭᠰᠠᠨ ᠵᠢᠷᠭᠤᠭᠠᠨ ᠲᠣᠮᠣ ᠪᠡᠶ᠎ᠡ ᠪᠠᠨ ᠳᠠᠭᠠᠭᠠᠭᠰᠠᠨ ᠭᠤᠣᠯᠯᠠᠬᠤ | ᠮᠡᠷᠭᠡᠵᠢᠯ ᠢ ᠡᠵᠡᠮᠰᠢᠵᠦ᠂ ᠭᠤᠣᠯᠯᠠᠬᠤ ᠮᠡᠷᠭᠡᠵᠢᠯ ᠤᠨ ᠲᠠᠯᠠᠰᠲᠤ ᠶᠢᠨ ᠨᠡᠪᠴᠢᠯᠲᠡ ᠨᠢ ᠳᠡᠯᠡᠬᠡᠢ ᠶᠢᠨ ᠲᠡᠷᠢᠭᠦᠨ ᠤ | ᠪᠠᠶᠢᠷᠢᠨ ᠳᠤ ᠣᠷᠣᠰᠢᠵᠤ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ | ᠦᠢᠯᠡᠰ ᠤᠨ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠵᠤ᠂ ᠠᠵᠤ ᠠᠬᠤᠶᠢᠯᠠᠯ ᠢᠯᠠᠩᠭᠤᠶ᠎ᠠ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ | ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ | ᠨᠢᠳᠤᠨᠤᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠬᠤᠶᠠᠷ ᠳᠠᠬᠢᠨ ᠢᠶᠠᠷ | ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾ ᠪᠠ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠠᠵᠢᠯᠯᠠᠭ᠎ᠠ ᠶᠢᠨ ︽ᠭᠤᠷᠪᠠ ᠶᠢ ᠦᠭᠡᠢ ᠪᠣᠯᠭᠠᠬᠤ︾ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ︽ | ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ︾ ᠪᠠ ︽ᠳᠥᠷᠪᠡᠨ ᠨᠢᠭᠡ︾ ᠶᠢᠨ ᠠᠵᠢᠯᠯᠠᠭ᠎ᠠ ᠵᠡᠷᠭᠡ ᠭᠤᠷᠪᠠᠨ ᠵᠦᠢᠯ ᠤᠨ ᠭᠤᠣᠯᠳᠠᠯᠭ᠎ᠠ ᠲᠠᠢ | ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠳᠤ ︽ᠴᠡᠴᠡᠭ ᠪᠦᠬᠦᠨ ᠢ ᠵᠡᠷᠭᠡ ᠪᠠᠷ ᠳᠡᠯᠭᠡᠷᠡᠭᠦᠯᠬᠦ︾ ᠰᠠᠶᠢᠨ ᠰᠠᠶᠢᠬᠠᠨ ᠪᠠᠶᠢᠳᠠᠯ ᠢᠯᠡᠷᠡᠬᠦ ᠶᠢ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠰᠠᠶᠢᠨ ᠲᠥᠷᠥ ᠶᠢᠨ | ᠪᠣᠳᠣᠯᠭ᠎ᠠ ᠨᠢ ᠴᠦ ᠠᠵᠤ ᠠᠬᠤᠶᠢᠯᠠᠯ ᠤᠨ ᠬᠥᠭᠵᠢᠯᠲᠡ ᠶᠢᠨ ᠬᠠᠮᠤᠭ ᠤᠨ ᠶᠡᠭᠡ ᠵᠦᠭᠯᠡᠭᠦᠷ ᠪᠠ ᠬᠠᠮᠤᠭ ᠤᠨ | ᠥᠷᠢᠰᠦᠯᠳᠦᠬᠦ ᠬᠦᠴᠦᠨ ᠲᠠᠢ ᠵᠠᠩᠭᠢᠯᠠᠭ᠎ᠠ ᠶᠢᠨ ᠬᠦᠴᠦᠨ ᠵᠦᠢᠯ ᠪᠣᠯᠤᠭᠰᠠᠨ ᠪᠠᠶᠢᠨ᠎ᠠ᠃ | ᠠᠵᠤ ᠠᠬᠤᠶᠢᠯᠠᠯ ᠤᠨ ︽ᠬᠦᠴᠢᠷᠳᠡᠯ︾ ᠢ ᠬᠠᠷᠠᠭᠠᠯᠠᠨ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠠᠴᠠ | ᠡᠭᠦᠰᠴᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠨ | ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠨᠡᠮᠡᠭᠳᠡᠯ ᠢ ᠲᠣᠭᠲᠠᠪᠤᠷᠢᠵᠢᠭᠤᠯᠬᠤ ᠠᠯᠢ ᠣᠯᠠᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠤᠳᠤᠯᠤᠨ ᠨᠡᠭᠡᠭᠡᠬᠦ ᠲᠥᠪ᠂ ᠠᠺᠠᠳᠧᠮᠢᠴᠢ ᠶᠢᠨ ᠠᠵᠢᠯᠯᠠᠬᠤ ᠥᠷᠲᠡᠭᠡ ᠪᠠᠷ ᠮᠠᠭᠠᠳᠯᠠᠨ ᠲᠣᠭᠲᠠᠭᠠᠭᠰᠠᠨ | ᠠᠵᠤ ᠠᠬᠤᠶᠢᠯᠠᠯ ᠳᠤ ᠨᠡᠶᠢᠲᠡ 180 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠲᠠᠷᠬᠠᠭᠠᠵᠤ᠂ | ᠤᠷᠤᠨ ᠳᠤ ᠰᠠᠭᠤᠭ᠎ᠠ 17 ᠠᠵᠤ ᠠᠬᠤᠶᠢᠯᠠᠯ ᠳᠤ 27 ᠬᠤᠪᠢ 9.67 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠲᠣᠬᠢᠷᠠᠭᠤᠯᠪᠠ᠃ ᠪᠦᠬᠦ ᠵᠢᠯ ᠤᠨ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ | ᠪᠤᠴᠠᠭᠠᠬᠤ ᠭᠠᠶᠢᠯᠢ 14.14 ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 5.64 ᠳ᠋ᠦᠩᠰᠢᠭᠤᠷ ᠲᠥᠭᠦᠷᠢᠭ ᠢ ᠳᠠᠪᠠᠪᠠ᠃ ᠬᠠᠷᠢᠶᠠᠲᠤ | ᠣᠷᠣᠨ ᠤ ᠠᠵᠤ ᠠᠬᠤᠶᠢᠯᠠᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠲᠡᠳᠬᠦᠮᠵᠢ ᠶᠢᠨ ᠪᠡᠯᠡ ᠮᠥᠩᠭᠦ ᠶᠢ 3. | 94 ᠳ᠋ᠦᠩᠰᠢᠭᠤᠷ ᠲᠥᠭᠦᠷᠢᠭ ᠣᠯᠵᠤ᠂ ᠣᠷᠣᠨ ᠤ ᠱᠠᠲᠤᠨ ᠤ ᠡᠯ᠎ᠡ ᠲᠥᠷᠥᠯ ᠤᠨ ᠲᠡᠳᠬᠦᠮᠵᠢ ᠶᠢᠨ ᠪᠡᠯᠡ | ᠮᠥᠩᠭᠦ ᠶᠢ 2.26 ᠳ᠋ᠦᠩᠰᠢᠭᠤᠷ ᠲᠥᠭᠦᠷᠢᠭ ᠣᠯᠭᠤᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠶᠠᠪᠤᠴᠠ ᠳᠤ ᠲᠤᠯᠭᠠᠷᠠᠭᠰᠠᠨ ︽ᠰᠠᠭᠠᠳ︾ ᠢ ᠠᠷᠢᠯᠭᠠᠵᠤ᠂ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠬᠠᠮᠤᠭ ᠤᠨ ᠲᠦᠷᠭᠡᠨ ᠬᠤᠷᠳᠤᠴᠠ ᠪᠠᠷ ᠲᠥᠷᠥ ᠶᠢᠨ ᠪᠣᠳᠣᠯᠭ᠎ᠠ ᠶᠢᠨ ᠠᠰᠢᠭ ᠢ | ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠢᠲᠡᠭᠡᠯ ᠵᠣᠷᠢᠭ ᠢ ᠢᠯᠡᠷᠡᠭᠦᠯᠪᠡ᠃ ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ | ᠪᠣᠯᠣᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠨᠢᠭᠡᠨᠲᠡ 361 | ᠪᠣᠯᠵᠤ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ 3. | 26% ᠳᠤ ᠬᠦᠷᠴᠡᠢ᠃ 2024 ᠣᠨ ᠳᠤ᠂ ᠲᠤᠰ ᠣᠷᠣᠨ ᠤ ᠬᠢᠨ 200 ᠠᠴᠠ ᠳᠡᠭᠡᠭᠰᠢ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠪᠠᠷ ᠴᠢᠷᠮᠠᠶᠢᠵᠤ᠂ | ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ ᠶᠢ 8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃ | | | | |