ᠪᠤᠭᠤᠲᠤ ᠶᠢᠨ ᠬᠤᠪᠣᠷ ᠰᠢᠷᠣᠢ᠄ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠢᠨ᠎ᠡ ᠴᠢᠨᠠᠷᠳᠣ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2024/3/27
    ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠴᠠ ᠠᠵᠤ ᠠᠬᠤᠶᠢᠯᠠᠯ ᠲᠡᠰᠢ ᠬᠥᠭᠵᠢᠭᠦᠯᠬᠦ᠂ ᠲᠤᠷᠰᠢᠯᠲᠠ ᠶᠢᠨ ᠲᠠᠰᠤᠭ ᠠᠴᠠ ᠦᠢᠯᠡᠳᠪᠦᠷᠢᠯᠡᠯ ᠤᠨ ᠱᠤᠭᠤᠮ ᠳᠤ ᠣᠷᠣᠭᠤᠯᠬᠤ ᠶᠢ ᠠᠬᠢᠭᠤᠯᠬᠤ ᠪᠣᠯ ᠰᠢᠨ᠎ᠡ ᠴᠢᠨᠠᠷᠳᠣ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠵᠠᠪᠠᠯ ᠶᠠᠪᠤᠬᠤ ᠵᠠᠮ ᠮᠥᠨ᠃ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠬᠤᠶᠠᠷ ᠬᠤᠪᠤᠷ ᠰᠢᠷᠤᠢ ᠶᠢᠨ ᠰᠠᠭᠤᠷᠢᠨ ᠭᠠᠵᠠᠷ︾᠎ ᠢ ᠲᠤᠭᠤᠷᠢᠨ ᠬᠥᠭᠵᠢᠭᠦᠯᠵᠦ  ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠭᠤᠣᠯ ᠥᠷᠢᠰᠦᠯᠳᠦᠬᠦ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠂ ᠬᠤᠪᠣᠷ ᠰᠢᠷᠣᠢ ᠶᠢ ᠣᠯᠠᠨ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠲᠡᠭᠦᠨ ᠢ ᠠᠵᠤ ᠠᠬᠤᠶᠢᠯᠠᠯ ᠤᠨ ᠦᠷᠭᠦᠯᠵᠢᠯᠡᠨ ᠳᠠᠪᠰᠢᠬᠤ ᠪᠠ ᠠᠵᠢᠯ ᠲᠥᠷᠥᠯ ᠤᠨ ᠰᠢᠨᠡᠴᠢᠯᠡᠯᠲᠡ ᠶᠢ ᠠᠬᠢᠭᠤᠯᠬᠤ ᠵᠠᠩᠭᠢᠯᠠᠭ᠎ᠠ ᠶᠢᠨ ᠬᠦᠴᠦᠨ ᠵᠦᠢᠯ ᠪᠣᠯᠭᠠᠨ᠎ᠠ᠃    ᠤᠮᠠᠷᠠᠲᠤ ᠶᠢᠨ ᠬᠤᠪᠣᠷ ᠰᠢᠷᠣᠢ ᠶᠢᠨ ᠤᠮᠠᠷᠠᠲᠤ ᠶᠢᠨ ᠵᠢᠶᠠ ᠰᠢᠤᠸᠠᠨ ᠤ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠰᠠᠭᠤᠷᠢᠨ ᠳᠤ᠂ ᠠᠵᠢᠯᠲᠠᠳ ᠶᠠᠭ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠲᠤᠷᠰᠢᠨ ᠦᠢᠯᠡᠳᠪᠦᠷᠢᠯᠡᠵᠦ ᠪᠤᠢ᠂ ᠣᠳᠣᠬᠠᠨ ᠳᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠨᠢ 1.6 ᠰᠠᠶ᠎ᠠ ᠸᠠᠲ ᠵᠢᠴᠢ ᠲᠡᠭᠦᠨ ᠠᠴᠠ ᠳᠣᠷᠣᠭᠰᠢᠬᠢ ᠡᠯ᠎ᠡ ᠴᠠᠬᠢᠯᠭᠠᠨ ᠬᠦᠴᠦᠳᠡᠯ ᠤᠨ ᠲᠡᠰ ᠤᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠬᠦᠨ ᠢ ᠪᠦᠷᠬᠦᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠳᠠᠬᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠲᠤ ᠬᠡᠷᠡᠭᠯᠡᠵᠦ ᠪᠠᠶᠢᠭ᠎ᠠ ᠬᠤᠭᠤᠰᠤᠨ ᠢ ᠨᠥᠬᠦᠪᠦᠷᠢᠯᠡᠵᠡᠢ᠃    ᠤᠮᠠᠷᠠᠲᠤ ᠣᠷᠣᠨ ᠤ ᠵᠢᠶᠠ ᠰᠢᠤᠸᠠᠨ ᠤ ᠶᠡᠷᠦᠩᠬᠡᠢ ᠳᠠᠭᠠᠭᠠᠮᠠᠯ ᠳ᠋ᠦᠩ ᠵᠢᠢ ᠸᠧᠨ᠄ ︽ᠲᠡᠷᠡ ᠪᠣᠯ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠪᠣᠯᠣᠨ ᠬᠤᠪᠣᠷ ᠰᠢᠷᠣᠢ ᠶᠢᠨ ᠬᠡᠷᠡᠭᠯᠡᠭᠡᠨ ᠤ ᠦᠵᠦᠭᠦᠷ ᠤᠨ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠦᠭᠰᠡᠨ ᠬᠠᠮᠲᠤᠷᠠᠯᠴᠠᠭᠠᠨ ᠤ ᠲᠦᠷᠦᠯ ᠵᠦᠢᠯ ᠪᠣᠯᠣᠨ᠎ᠠ᠂ ᠡᠨᠡᠬᠦ ᠲᠦᠷᠦᠯ ᠵᠦᠢᠯ ᠨᠢ ᠮᠥᠨᠴᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠬᠡᠷᠡᠭᠯᠡᠭᠡᠨ ᠤ ᠬᠦᠷᠢᠶ᠎ᠡ ᠵᠢᠴᠢ ᠬᠡᠷᠡᠭᠯᠡᠭᠡᠨ ᠤ ᠣᠷᠣᠨ ᠵᠠᠢ ᠶᠢ ᠥᠷᠭᠡᠳᠬᠡᠵᠦ᠂ ᠪᠤᠭᠤᠲᠤ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠬᠤᠭᠤᠰᠤᠨ ᠢ ᠬᠠᠩᠭᠠᠬᠤ ᠶᠢᠨ ᠬᠠᠮᠲᠤ ᠪᠠᠰᠠ ᠠᠭᠤᠷᠬᠠᠢ ᠳᠤ ᠬᠡᠷᠡᠭᠯᠡᠬᠦ ᠵᠢᠴᠢ ᠪᠠᠷᠢᠯᠭ᠎ᠠ ᠶᠢᠨ ᠮᠠᠰᠢᠨ ᠲᠡᠷᠭᠡᠨ ᠤ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠬᠤᠭᠤᠰᠤᠨ ᠢ ᠬᠠᠩᠭᠠᠨ᠎ᠠ︾ ᠭᠡᠵᠠᠢ᠃     ᠤᠯᠠᠮᠵᠢᠯᠠᠯᠲᠤ ᠴᠠᠬᠢᠯᠭᠠᠨ ᠮᠠᠰᠢᠨ ᠤ ᠮᠡᠷᠭᠡᠵᠢᠯ ᠲᠠᠢ ᠬᠠᠷᠢᠴᠠᠭᠤᠯᠪᠠᠯ᠂ ᠠᠵᠤ ᠦᠢᠯᠡᠳᠪᠦᠷᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠰᠢᠰᠲ᠋ᠧᠮ 20%᠎ ᠠᠴᠠ ᠳᠡᠭᠡᠭᠰᠢ ᠡᠨᠧᠷᠭᠢ ᠠᠷᠪᠢᠯᠠᠳᠠᠭ᠃ ᠣᠳᠣᠬᠠᠨ ᠳᠤ᠂ ᠪᠤᠭᠤᠲᠤ ᠬᠤᠲᠠ ᠶᠢᠨ ᠬᠢᠨ ᠬᠤᠪᠣᠷ ᠰᠢᠷᠣᠢ ᠶᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠲᠥᠬᠦᠭᠡᠷᠦᠮᠵᠢ᠂ ᠰᠢᠯᠭᠠᠨ  ᠪᠠᠶᠢᠴᠠᠭᠠᠬᠤ ᠬᠡᠮᠵᠢᠬᠦ ᠲᠥᠬᠦᠭᠡᠷᠦᠮᠵᠢ ᠶᠢᠨ ᠠᠵᠤ ᠠᠬᠤᠶᠢᠯᠠᠯ ᠪᠣᠯᠣᠨ ᠦᠢᠯᠡᠴᠢᠯᠡᠬᠦ ᠴᠠᠬᠢᠯᠭᠠᠨ ᠮᠠᠰᠢᠨ᠂ ᠠᠵᠤ ᠦᠢᠯᠡᠳᠪᠦᠷᠢ ᠶᠢᠨ ᠴᠠᠬᠢᠯᠭᠠᠨ ᠮᠠᠰᠢᠨ ᠵᠡᠷᠭᠡ ᠠᠵᠤ ᠠᠬᠤᠶᠢᠯᠠᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠵᠤ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠵᠦ᠂ ᠬᠤᠪᠣᠷ ᠰᠢᠷᠣᠢ ᠶᠢᠨ ᠮᠠᠲ᠋ᠧᠷᠢᠶᠠᠯ ᠤᠨ ᠦᠵᠦᠭᠦᠷ ᠤᠨ ᠬᠡᠷᠡᠭᠯᠡᠯᠲᠡ ᠶᠢ ᠠᠬᠢᠭᠤᠯᠵᠤ᠂ ᠵᠢᠱᠢᠯᠲᠡ ᠪᠠᠷ ᠡᠨᠡ ᠵᠢᠯ ᠤᠨ 6 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠣᠯᠣᠨ᠎ᠠ᠃     ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠴᠧᠨ ᠹᠦ᠋ ᠼᠠᠢ᠄ ︽ᠬᠤᠪᠣᠷ ᠰᠢᠷᠣᠢ ᠶᠢᠨ ᠬᠡᠷᠡᠭᠯᠡᠯᠲᠡ ᠪᠣᠯ ᠦᠨᠡᠨ ᠳᠡᠭᠡᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠬᠡᠷᠡᠭᠯᠡᠯᠲᠡ ᠬᠠᠮᠤᠭ ᠤᠨ ᠥᠷᠭᠡᠨ ᠳᠡᠯᠭᠡᠷ ᠶᠤᠮ᠂ ᠪᠢᠳᠡ ᠨᠢᠭᠡᠨᠲᠡ ᠨᠢᠭᠡᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠦᠨᠳᠦᠰᠦᠨ ᠳᠡᠭᠡᠨ ᠪᠦᠷᠢᠯᠳᠦᠭᠦᠯᠪᠡ᠃ ᠭᠤᠷᠪᠠᠨ ᠵᠢᠯ ᠰᠢᠬᠠᠮ ᠤᠨ ᠬᠤᠭᠤᠴᠠᠭ᠎ᠠ ᠶᠢ ᠥᠩᠭᠡᠷᠡᠭᠡᠭᠡᠳ᠂ ᠪᠢᠳᠡ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠪᠦᠬᠦ ᠤᠯᠤᠰ ᠤᠨ ᠬᠠᠮᠤᠭ ᠤᠨ ᠥᠨᠳᠥᠷ ᠲᠦᠪᠰᠢᠨ ᠢᠶᠠᠷ ᠬᠠᠮᠤᠭ ᠤᠨ ᠶᠡᠭᠡ ᠬᠡᠪᠴᠢᠶ᠎ᠡ ᠲᠠᠢ᠂ ᠬᠠᠮᠤᠭ ᠤᠨ ᠰᠢᠯᠢᠳᠡᠭ ᠦᠢᠯᠡᠴᠢᠯᠡᠭᠡ ᠲᠠᠢ ᠲᠡᠷᠢᠭᠦᠨ ᠤ ᠴᠢᠨᠠᠷ ᠰᠠᠶᠢᠲᠠᠢ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ︾ ᠭᠡᠪᠠ᠃     ᠡᠨᠡ ᠵᠢᠯ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠤᠯᠤᠰ ᠤᠨ ᠢᠨᠵᠧᠨᠧᠷᠢᠩ ᠤᠨ ᠰᠤᠳᠤᠯᠭᠠᠨ ᠤ ᠲᠥᠪ᠂ ᠤᠯᠤᠰ ᠤᠨ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ 160 ᠭᠠᠷᠤᠢ ᠡᠯ᠎ᠡ ᠱᠠᠲᠤᠨ ᠤ ᠡᠯ᠎ᠡ ᠲᠥᠷᠥᠯ ᠤᠨ ᠰᠤᠳᠤᠯᠤᠨ ᠨᠡᠭᠡᠭᠡᠬᠦ ᠲᠠᠪᠴᠠᠩ ᠤᠨ ᠲᠣᠭᠤᠷᠢᠨ ᠳᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠶᠢ ᠪᠠᠶᠢᠷᠢᠰᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃     ᠡᠨᠡ ᠬᠡᠳᠦᠨ ᠡᠳᠦᠷ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ︽ᠥᠨᠳᠥᠷ ᠡᠨᠧᠷᠭᠢ ᠶᠢᠨ ᠨᠢᠭᠲᠠᠴᠠ ᠲᠠᠢ ᠬᠤᠪᠣᠷ ᠰᠢᠷᠣᠢ ᠶᠢᠨ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠢ ᠨᠡᠭᠡᠭᠡᠨ ᠠᠰᠢᠭᠯᠠᠬᠤ ᠵᠢᠴᠢ ᠳᠠᠬᠢᠨ ᠡᠭᠦᠰᠴᠦ ᠪᠣᠯᠬᠤ ᠡᠨᠧᠷᠭᠢ ᠶᠢᠨ ᠡᠨᠧᠷᠭᠢ ᠬᠠᠳᠠᠭᠠᠯᠠᠬᠤ ᠶᠢ ᠬᠤᠪᠢᠷᠠᠭᠤᠯᠬᠤ ᠰᠢᠰᠲ᠋ᠧᠮ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ︾᠎ ᠶᠢᠨ ᠰᠤᠳᠤᠯᠭᠠᠨ ᠢ ᠥᠷᠨᠢᠭᠦᠯᠵᠦ ᠪᠤᠢ᠂ ᠣᠳᠣᠬᠠᠨ ᠳᠤ ᠲᠡᠳᠡ ᠨᠢᠭᠡᠨᠲᠡ ᠬᠠᠲᠠᠭᠤ ᠳᠤᠨᠤᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠥᠭᠡᠯᠡᠨ ᠳᠤᠨᠤᠭ ᠢ ᠬᠤᠯᠪᠣᠨ ᠲᠣᠬᠢᠷᠠᠭᠤᠯᠵᠤ ᠪᠤᠢ᠃ ᠡᠨᠡᠬᠦ ᠢᠨᠵᠧᠨᠧᠷᠢᠩ ᠨᠢ ᠬᠤᠪᠣᠷ ᠰᠢᠷᠣᠢ ᠶᠢᠨ ᠡᠬᠢ ᠪᠠᠶᠠᠯᠢᠭ ᠤᠨ ᠥᠨᠳᠥᠷ ᠦᠷᠳᠡᠭ ᠲᠠᠢ ᠲᠡᠩᠴᠡᠭᠦᠷᠢᠲᠡᠢ ᠠᠰᠢᠭᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠰᠠᠯᠬᠢ᠂ ᠭᠡᠷᠡᠯ᠂ ᠤᠰᠤᠲᠥ᠋ᠷᠥᠭᠴᠢ᠂ ᠴᠠᠬᠢᠯᠭᠠᠨ᠂ ᠢᠯᠴᠢ ᠶᠢ ᠬᠠᠷᠢᠯᠴᠠᠨ ᠨᠥᠬᠦᠪᠦᠷᠢᠯᠡᠬᠦ ᠥᠨᠳᠥᠷ ᠪᠦᠲᠦᠮᠵᠢᠲᠡᠢ ᠲᠣᠭᠲᠠᠭᠤᠨ ᠢᠶᠠᠷ ᠠᠵᠢᠯᠯᠠᠬᠤ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠵᠦ᠂ ᠲᠠᠬᠢᠨ ᠡᠭᠦᠰᠴᠦ ᠪᠣᠯᠬᠤ ᠡᠨᠧᠷᠭᠢ᠂ ᠤᠰᠤᠲᠥ᠋ᠷᠥᠭᠴᠢ ᠶᠢᠨ ᠡᠨᠧᠷᠭᠢ ᠶᠢᠨ ᠨᠥᠭᠡᠴᠡ ᠪᠣᠯᠣᠨ ᠬᠤᠪᠣᠷ ᠰᠢᠷᠣᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃     ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠤᠰᠤᠲᠥ᠋ᠷᠥᠭᠴᠢ ᠶᠢ ᠬᠠᠳᠠᠭᠠᠯᠠᠬᠤ ᠮᠠᠲ᠋ᠧᠷᠢᠶᠠᠯ ᠤᠨ ᠲᠠᠰᠤᠭ ᠤᠨ ᠬᠠᠷᠢᠭᠤᠴᠠᠯᠭᠠᠲᠠᠨ ᠯᠢ ᠪᠦᠦ ᠴᠢᠣᠸᠠᠨ᠄ ︽ᠪᠡᠶᠡᠯᠡᠭᠦᠯᠦᠭᠰᠡᠨ ᠤ ᠳᠠᠷᠠᠭ᠎ᠠ ᠪᠢ 1000 ᠴᠠᠭ ᠤᠨ ᠤᠷᠳᠤ ᠬᠤᠭᠤᠴᠠᠭᠠᠨ ᠤ ᠲᠣᠭᠲᠠᠭᠤᠨ ᠠᠵᠢᠯᠯᠠᠭᠠᠨ ᠤ ᠲᠤᠭ᠎ᠠ ᠪᠠᠷᠢᠮᠲᠠ ᠶᠢ ᠬᠢᠨᠠᠨ ᠡᠵᠡᠮᠳᠡᠨ᠎ᠡ᠂ ᠡᠶᠢᠮᠦ ᠠᠴᠠ ᠪᠢᠳᠡ ᠡᠨᠡ ᠶᠠᠪᠤᠳᠠᠯ ᠢ ᠬᠢᠬᠦ ᠳᠡᠭᠡᠨ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯᠳᠠᠭᠤᠯᠵᠤ᠂ ᠮᠠᠨ ᠤ ᠬᠤᠪᠣᠷ ᠰᠢᠷᠣᠢ ᠶᠢᠨ ᠠᠵᠤ ᠦᠢᠯᠡᠰ ᠢᠶᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠬᠢᠷᠲᠤᠯ ᠦᠭᠡᠢ᠂ ᠤᠶᠤᠨ ᠴᠢᠳᠠᠪᠤᠷᠢ ᠵᠡᠷᠭᠡ ᠲᠠᠯ᠎ᠠ ᠠᠴᠠ ᠬᠥᠭᠵᠢᠭᠦᠯᠬᠦ ᠶᠢ ᠠᠬᠢᠭᠤᠯᠬᠤ ᠬᠡᠷᠡᠭᠲᠡᠢ︾ ᠭᠡᠪᠡ᠃    ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠳᠤ᠂ ᠣᠳᠣᠬᠠᠨ ᠳᠤ ᠤᠯᠠᠨ ᠲᠦᠷᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠶᠠᠭ ᠪᠡᠷᠬᠡ ᠰᠡᠳᠦᠪ ᠢ ᠱᠠᠯᠠᠪᠳᠠᠨ ᠰᠢᠢᠳᠪᠦᠷᠢᠯᠡᠵᠦ ᠪᠤᠢ᠃    ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠯᠢᠦ ᠢᠦᠢ ᠪᠦᠦ᠄ ︽ᠬᠤᠪᠣᠷ ᠰᠢᠷᠣᠢ ᠶᠢᠨ ᠬᠠᠶᠢᠯᠤᠰᠢ᠂ ᠬᠤᠪᠣᠷ ᠰᠢᠷᠣᠢ ᠶᠢᠨ ᠲᠡᠮᠦᠷᠯᠢᠭ᠂ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠵᠡᠷᠭᠡ ᠶᠢ ᠪᠠᠭᠲᠠᠭᠠᠭᠰᠠᠨ ᠵᠠᠷᠢᠮ ᠦᠢᠯᠡᠳᠬᠦ ᠮᠡᠷᠭᠡᠵᠢᠯ ᠤᠨ ᠲᠠᠯ᠎ᠠ ᠪᠠᠷ ᠴᠥᠮ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ᠂ ᠡᠭᠦᠨ ᠳᠤ ᠴᠤᠯᠤ ᠬᠤᠪᠣᠷ ᠰᠢᠷᠣᠢ ᠶᠢᠨ ᠲᠡᠮᠦᠷᠯᠢᠭ ᠤᠨ ᠳᠤᠮᠳᠠ ᠵᠡᠷᠭᠡ ᠶᠢᠨ ᠲᠤᠷᠰᠢᠯᠲᠠ ᠶᠢᠨ ᠱᠤᠭᠤᠮ ᠪᠠᠭᠲᠠᠨ᠎ᠠ᠂ ᠵᠢᠯ ᠳᠤ 20 ᠲᠣᠨ ᠦᠢᠯᠡᠳᠪᠦᠷᠢᠯᠡᠯ ᠤᠨ ᠴᠢᠳᠠᠪᠤᠷᠢ ᠲᠠᠢ᠂ ᠪᠠᠰᠠ 1200 ᠲᠣᠨ ᠬᠤᠪᠣᠷ ᠰᠢᠷᠣᠢ ᠶᠢᠨ ᠲᠡᠮᠦᠷᠯᠢᠭ ᠤᠨ ᠬᠠᠶᠢᠯᠤᠰᠢ ᠶᠢᠨ ᠳᠤᠮᠳᠠ ᠵᠡᠷᠭᠡ ᠶᠢᠨ ᠲᠤᠷᠰᠢᠯᠲᠠ ᠶᠢᠨ ᠱᠤᠭᠤᠮ ᠪᠠᠭᠲᠠᠨ᠎ᠠ︾ ᠭᠡᠪᠡ᠃     ᠣᠳᠣᠬᠠᠨ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠨᠢᠭᠡᠨᠲᠡ 500 ᠭᠠᠷᠤᠢ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号