ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠠᠵᠢᠯ ᠡᠬᠢᠯᠡᠭᠦᠯᠪᠠ
ᠨᠡᠶᠢᠲᠡᠯᠡᠭᠰᠡᠨ ᠴᠠᠭ᠄
2024/3/27
    3 ᠳ᠋ᠤᠭᠠᠷ ᠰᠠᠷ᠎ᠠ ᠶᠢᠨ 20᠎ ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾᠎ ᠤᠨ ᠲᠥᠷᠥᠯ ᠡᠭᠦᠨ ᠠᠴᠠ ᠲᠣᠰ ᠲᠥᠷᠥᠯ ᠵᠦᠢᠯ ᠤᠨ ᠢᠨᠵᠧᠨᠧᠷᠢᠩ ᠤᠨ ︽ᠶᠡᠭᠡ ᠪᠠᠷ 100 ᠡᠳᠦᠷ ᠠᠵᠢᠯᠯᠠᠬᠤ︾ ᠪᠦᠲᠦᠭᠡᠨ ᠪᠠᠶᠢᠭᠤᠯᠤᠯᠲᠠ ᠶᠢᠨ ᠬᠥᠰᠢᠭᠡ ᠵᠢᠩᠬᠢᠨᠢ ᠪᠠᠷ ᠨᠡᠭᠡᠭᠡᠭᠳᠡᠪᠡ᠃     ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠰᠠᠨᠠᠯ ᠳᠠᠬᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠠᠴᠠ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾᠎ ᠤᠨ ᠲᠥᠷᠥᠯ ᠵᠦᠢᠯ ᠢ ᠲᠥᠯᠥᠪᠵᠢᠭᠦᠯᠪᠡ᠃ ᠲᠤᠰ ᠲᠦᠷᠦᠯ ᠵᠦᠢᠯ ᠨᠢ ᠪᠤᠭᠤᠲᠤ ᠶᠢᠨ 210 ᠤᠯᠤᠰ ᠤᠨ ᠵᠠᠮ ᠤᠨ ᠵᠡᠭᠦᠨ ᠬᠡᠰᠡᠭ ᠤᠨ ᠣᠷᠣᠨ ᠪᠦᠰᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠣᠣᠶᠠᠩ ᠵᠠᠮ ᠠᠴᠠ ᠵᠡᠭᠦᠨᠰᠢ ︵ᠸᠠᠨ ᠴᠢᠤᠸᠠᠨ ᠵᠢᠶᠠ ᠶᠤᠸᠠᠨ B ᠲᠣᠭᠤᠷᠢᠭ ᠤᠨ ᠵᠡᠭᠦᠨ ᠲᠠᠯ᠎ᠠ ᠶᠢᠨ ᠵᠠᠮ︶᠂  ᠲᠡᠭᠦᠯᠢᠯᠳᠡ ᠶᠡᠭᠡ ᠵᠡᠭᠡᠯᠢ ᠠᠴᠠ ᠡᠮᠦᠨᠡᠰᠢᠬᠢ᠂ ᠯᠢᠩ ᠶᠦᠨ ᠵᠠᠮ ᠠᠴᠠ ᠤᠮᠠᠷᠠᠰᠢᠬᠢ᠂ ᠰᠢᠩ ᠡᠾᠦ᠋ᠢ ᠵᠠᠮ ᠠᠴᠠ ᠪᠠᠷᠠᠭᠤᠨᠰᠢᠬᠢ ᠬᠡᠰᠡᠭ᠃  ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠥᠷᠥᠯ ᠵᠦᠢᠯ ᠢ ᠪᠤᠭᠤᠲᠤ ᠬᠤᠲᠠ ᠶᠢᠨ ᠪᠢᠨ ᠾᠧ ᠰᠢᠨ᠎ᠡ ᠲᠣᠭᠤᠷᠢᠭ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠎ ᠠᠴᠠ ᠪᠦᠲᠦᠭᠡᠨ ᠪᠠᠶᠢᠭᠤᠯᠵᠤ᠂ ᠠᠩᠬᠠᠨ ᠤ ᠬᠤᠭᠤᠴᠠᠭᠠᠨ ᠤ  ᠪᠠᠷᠢᠯᠭ᠎ᠠ ᠨᠢ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠠᠷᠢᠯᠭ᠎ᠠ ᠪᠠᠶᠢᠵᠤ᠂ 76852 ᠲᠡᠭᠰᠢ ᠳᠥᠷᠪᠡᠯᠵᠢᠨ ᠮᠧᠲᠷ ︵ᠪᠠᠷᠤᠭ 115 ᠮᠦ︶ ᠲᠠᠯᠠᠪᠠᠶ ᠶᠢ ᠡᠵᠡᠯᠡᠨ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 72138 ᠲᠡᠭᠰᠢ ᠳᠥᠷᠪᠡᠯᠵᠢᠨ ᠮᠧᠲᠷ᠂ ᠨᠡᠶᠢᠲᠡ 2.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ᠂ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠤᠨ ᠢᠶᠠᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢᠨ ᠬᠠᠮᠲᠤ 2024 ᠣᠨ ᠤ 3 ᠳ᠋ᠤᠭᠠᠷ ᠰᠠᠷ᠎ᠠ ᠶᠢᠨ 20᠎ ᠤ ᠡᠳᠦᠷ ᠤᠨ ᠠᠵᠢᠯ ᠡᠬᠢᠯᠡᠬᠦ ᠡᠳᠦᠷ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ 6 ᠳ᠋ᠤᠭᠠᠷ ᠰᠠᠷ᠎ᠠ ᠶᠢᠨ 30᠎ ᠤ ᠡᠳᠦᠷ ᠲᠥᠬᠦᠭᠡᠷᠦᠮᠵᠢ ᠤᠭᠰᠠᠷᠠᠬᠤ ᠨᠥᠬᠦᠴᠡᠯ ᠢ ᠪᠦᠷᠢᠳᠦᠭᠦᠯᠵᠦ᠂ ᠡᠨᠡ ᠵᠢᠯ ᠤᠨ 11 ᠳ᠋ᠣᠭᠡᠷ ᠰᠠᠷ᠎ᠠ ᠶᠢᠨ 30᠎ ᠤ ᠡᠳᠦᠷ ᠪᠠᠷᠢᠯᠭ᠎ᠠ ᠶᠢᠨ ᠪᠦᠭᠦ ᠠᠵᠢᠯ ᠢ ᠲᠠᠭᠤᠰᠬᠠᠬᠤ ᠪᠠᠷ ᠲᠦᠯᠦᠪᠯᠡᠵᠣ ᠪᠣᠢ᠃    
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号