3 ᠳ᠋ᠤᠭᠠᠷ ᠰᠠᠷ᠎ᠠ ᠶᠢᠨ 20 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ | ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ | ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾ ᠤᠨ ᠲᠥᠷᠥᠯ ᠡᠭᠦᠨ ᠠᠴᠠ ᠲᠣᠰ ᠲᠥᠷᠥᠯ | ᠵᠦᠢᠯ ᠤᠨ ᠢᠨᠵᠧᠨᠧᠷᠢᠩ ᠤᠨ ︽ᠶᠡᠭᠡ ᠪᠠᠷ 100 ᠡᠳᠦᠷ ᠠᠵᠢᠯᠯᠠᠬᠤ︾ ᠪᠦᠲᠦᠭᠡᠨ ᠪᠠᠶᠢᠭᠤᠯᠤᠯᠲᠠ ᠶᠢᠨ ᠬᠥᠰᠢᠭᠡ | ᠵᠢᠩᠬᠢᠨᠢ ᠪᠠᠷ ᠨᠡᠭᠡᠭᠡᠭᠳᠡᠪᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠰᠠᠨᠠᠯ ᠳᠠᠬᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠠᠴᠠ ︽ᠪᠤᠭᠤᠲᠤ ᠶᠢᠨ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾ ᠤᠨ ᠲᠥᠷᠥᠯ ᠵᠦᠢᠯ ᠢ ᠲᠥᠯᠥᠪᠵᠢᠭᠦᠯᠪᠡ᠃ ᠲᠤᠰ | ᠲᠦᠷᠦᠯ ᠵᠦᠢᠯ ᠨᠢ ᠪᠤᠭᠤᠲᠤ ᠶᠢᠨ 210 ᠤᠯᠤᠰ ᠤᠨ ᠵᠠᠮ ᠤᠨ ᠵᠡᠭᠦᠨ ᠬᠡᠰᠡᠭ ᠤᠨ ᠣᠷᠣᠨ ᠪᠦᠰᠡ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠣᠣᠶᠠᠩ ᠵᠠᠮ ᠠᠴᠠ ᠵᠡᠭᠦᠨᠰᠢ ︵ᠸᠠᠨ ᠴᠢᠤᠸᠠᠨ ᠵᠢᠶᠠ | ᠶᠤᠸᠠᠨ B ᠲᠣᠭᠤᠷᠢᠭ ᠤᠨ ᠵᠡᠭᠦᠨ ᠲᠠᠯ᠎ᠠ ᠶᠢᠨ ᠵᠠᠮ︶᠂ ᠲᠡᠭᠦᠯᠢᠯᠳᠡ ᠶᠡᠭᠡ ᠵᠡᠭᠡᠯᠢ ᠠᠴᠠ ᠡᠮᠦᠨᠡᠰᠢᠬᠢ᠂ ᠯᠢᠩ | ᠶᠦᠨ ᠵᠠᠮ ᠠᠴᠠ ᠤᠮᠠᠷᠠᠰᠢᠬᠢ᠂ ᠰᠢᠩ ᠡᠾᠦ᠋ᠢ ᠵᠠᠮ ᠠᠴᠠ ᠪᠠᠷᠠᠭᠤᠨᠰᠢᠬᠢ ᠬᠡᠰᠡᠭ᠃ ᠣᠷᠣᠨ ᠤ ᠨᠠᠮ ᠤᠨ | ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠲᠥᠷᠥᠯ ᠵᠦᠢᠯ ᠢ ᠪᠤᠭᠤᠲᠤ ᠬᠤᠲᠠ ᠶᠢᠨ ᠪᠢᠨ ᠾᠧ ᠰᠢᠨ᠎ᠡ ᠲᠣᠭᠤᠷᠢᠭ ᠤᠨ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠦᠲᠦᠭᠡᠨ ᠪᠠᠶᠢᠭᠤᠯᠵᠤ᠂ ᠠᠩᠬᠠᠨ ᠤ ᠬᠤᠭᠤᠴᠠᠭᠠᠨ ᠤ | ᠪᠠᠷᠢᠯᠭ᠎ᠠ ᠨᠢ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠠᠷᠢᠯᠭ᠎ᠠ ᠪᠠᠶᠢᠵᠤ᠂ 76852 ᠲᠡᠭᠰᠢ | ᠳᠥᠷᠪᠡᠯᠵᠢᠨ ᠮᠧᠲᠷ ︵ᠪᠠᠷᠤᠭ 115 ᠮᠦ︶ ᠲᠠᠯᠠᠪᠠᠶ ᠶᠢ ᠡᠵᠡᠯᠡᠨ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ | 72138 ᠲᠡᠭᠰᠢ ᠳᠥᠷᠪᠡᠯᠵᠢᠨ ᠮᠧᠲᠷ᠂ ᠨᠡᠶᠢᠲᠡ 2.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠣᠶ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠢᠨᠵᠢᠯᠡᠬᠦ ᠤᠬᠠᠭᠠᠨᠴᠢ ᠪᠥᠭᠡᠳ ᠡᠮᠬᠢ | ᠵᠢᠷᠤᠮ ᠲᠠᠢ᠂ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠨᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠤᠨ ᠢᠶᠠᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢᠨ ᠬᠠᠮᠲᠤ 2024 ᠣᠨ ᠤ 3 ᠳ᠋ᠤᠭᠠᠷ ᠰᠠᠷ᠎ᠠ ᠶᠢᠨ | 20 ᠤ ᠡᠳᠦᠷ ᠤᠨ ᠠᠵᠢᠯ ᠡᠬᠢᠯᠡᠬᠦ ᠡᠳᠦᠷ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ 6 ᠳ᠋ᠤᠭᠠᠷ ᠰᠠᠷ᠎ᠠ ᠶᠢᠨ 30 ᠤ | ᠡᠳᠦᠷ ᠲᠥᠬᠦᠭᠡᠷᠦᠮᠵᠢ ᠤᠭᠰᠠᠷᠠᠬᠤ ᠨᠥᠬᠦᠴᠡᠯ ᠢ ᠪᠦᠷᠢᠳᠦᠭᠦᠯᠵᠦ᠂ ᠡᠨᠡ ᠵᠢᠯ ᠤᠨ 11 ᠳ᠋ᠣᠭᠡᠷ ᠰᠠᠷ᠎ᠠ ᠶᠢᠨ 30 ᠤ | ᠡᠳᠦᠷ ᠪᠠᠷᠢᠯᠭ᠎ᠠ ᠶᠢᠨ ᠪᠦᠭᠦ ᠠᠵᠢᠯ ᠢ ᠲᠠᠭᠤᠰᠬᠠᠬᠤ ᠪᠠᠷ ᠲᠦᠯᠦᠪᠯᠡᠵᠣ ᠪᠣᠢ᠃ |