ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠪᠤᠷ ᠤᠨ ᠤᠯᠠᠷᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2024/3/5
      ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ ᠶᠢᠨ ᠲᠥᠯᠥᠭᠡ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠢᠳᠡᠪᠬᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠠᠷᠢᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠬᠦ ᠲᠤᠬᠠᠢ ᠮᠡᠳᠡᠭᠳᠡᠯ ᠤᠨ ᠶᠣᠰᠣᠭᠠᠷ᠂ ᠡᠯ᠎ᠡ ᠲᠥᠷᠥᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠵᠡᠷᠭᠡ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠬᠠᠪᠤᠷ ᠤᠨ ᠤᠯᠠᠷᠢᠯ ᠤᠨ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠦᠢᠯᠡᠴᠢᠯᠡᠭᠡᠨ ᠤ ᠵᠢᠯᠣᠭᠤᠳᠤᠯᠭ᠎ᠠ ᠪᠠ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠵᠡᠩᠨᠡᠭᠴᠢᠳ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠬᠤᠲᠠ ᠶᠢᠨ ᠠᠵᠢᠯᠯᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃ ᠲᠣᠰ ᠤᠳᠠᠭᠠᠨ ᠤ ᠠᠵᠢᠯᠯᠠᠭ᠎ᠠ ᠳᠤ ᠡᠤ ᠶᠢᠨ ᠹᠦ᠋ ᠬᠤᠶᠠᠳᠤᠭᠠᠷ ᠲᠣᠭᠤᠷᠢᠭ ᠪᠣᠯᠤᠨ ᠱᠠᠨ ᠱᠦᠢ ᠸᠧᠨ ᠶᠤᠸᠠᠨ ᠲᠣᠭᠤᠷᠢᠭ ᠤᠨ ᠬᠤᠭᠤᠷᠣᠨᠳᠣ 8ᠭᠠᠵᠠᠷ ᠡᠯᠳᠡᠪ ᠶᠠᠭᠤᠮ᠎ᠠ ᠣᠪᠣᠭᠠᠯᠠᠵᠤ᠂ 4 ᠠᠵᠢᠯᠴᠢᠨ ᠬᠥᠯᠥᠰᠥᠯᠡᠵᠦ᠂ 1 ᠠᠴᠢᠶᠠᠨ ᠤ ᠮᠠᠰᠢᠨ  ᠴᠡᠪᠡᠷᠯᠡᠨ ᠲᠡᠭᠡᠭᠡᠪᠦᠷᠢᠯᠡᠵᠦ ᠴᠡᠪᠡᠷᠯᠡᠪᠡ᠃       ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ︽ᠡᠷᠭᠢᠵᠦ ᠦᠵᠡᠬᠦ︾ ᠠᠵᠢᠯ ᠬᠢᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠬᠤ ᠪᠠ ᠬᠢᠨᠠᠨ ᠬᠠᠮᠢᠶᠠᠷᠬᠤ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号