ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠡᠢ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/3/6
     3 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ ᠣᠷᠣᠯᠴᠠᠬᠰᠠᠨ ᠪᠥᠭᠡᠳ ᠦᠭᠡ ᠬᠡᠯᠡᠵᠡᠢ᠃       ᠵᠠᠩ ᠶᠠᠨ ᠺᠦᠨ ᠦᠭᠡ ᠬᠡᠯᠡᠬᠦ ᠳᠡᠭᠡᠨ᠂ ᠲᠡᠷᠢᠭᠦᠯᠡᠭᠴᠢ ᠸᠠᠩ ᠬᠤ᠋ ᠨᠢᠩ ᠤᠨ ᠬᠢᠭᠰᠡᠨ ᠮᠡᠳᠡᠭᠦᠯᠦᠯᠲᠡ ᠨᠢ ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠬᠦ ᠳᠡᠭᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠠᠭᠠᠨ ᠬᠠᠷᠠᠯᠲᠠ ᠲᠣᠳᠣᠷᠬᠠᠢ᠂ ᠭᠤᠣᠯᠳᠠᠯᠭ᠎ᠠ ᠲᠣᠪᠤᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ᠃       ᠵᠠᠩ ᠶᠠᠨ ᠺᠦᠨ᠂ ᠥᠩᠭᠡᠷᠡᠭᠰᠡᠨ ᠨᠢᠭᠡ ᠵᠢᠯ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠠᠵᠢᠯ ᠪᠠ ᠶᠡᠭᠡ ᠲᠠᠯ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠨᠢᠭᠡᠳᠦᠮᠡᠯ ᠹᠷᠣᠨᠲ ᠤᠨ ᠦᠢᠯᠡᠳᠦᠯ ᠴᠢᠳᠠᠮᠵᠢ ᠶᠢᠨ ᠠᠮᠢᠳᠤᠯᠢᠭ ᠦᠢᠯᠡᠳᠦᠯᠭᠡ ᠶᠢ ᠨᠠᠩ ᠳᠣᠪᠤᠶᠢᠯᠭᠠᠵᠤ᠂ ᠪᠠᠶᠢᠭᠤᠯᠤᠯ ᠲᠣᠭᠲᠠᠴᠠ ᠶᠢᠨ ᠬᠦᠴᠦᠷᠬᠡᠭ ᠶᠡᠭᠡ ᠦᠷ᠎ᠡ ᠠᠰᠢᠭ ᠢ ᠬᠦᠴᠦᠲᠡᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ︽ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠲᠠ ᠶᠢᠨ ᠬᠠᠭᠤᠳᠠᠰᠤ︾᠎ ᠶᠢ ᠲᠤᠰᠢᠶᠠᠵᠤ᠂ ᠣᠷᠣᠨ ᠨᠤᠲᠤᠭ ᠤᠨ ᠤᠯᠤᠰ ᠲᠥᠷᠥ ᠶᠢᠨ ᠵᠥᠪᠯᠡᠯᠭᠡᠨ ᠳᠤ ᠬᠡᠪ ᠳᠦᠷᠢᠮ ᠪᠣᠯᠵᠤ᠂ ᠥᠯᠢᠭᠡᠷ ᠳᠠᠭᠤᠷᠢᠶᠠᠯ ᠦᠵᠡᠭᠦᠯᠪᠡ︔ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠳᠤ᠂ ︽ᠭᠤᠷᠪᠠᠨ ᠶᠡᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠥᠯᠥᠪᠯᠡᠭᠡ︾᠎ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠴᠢᠬᠤᠯᠠ ᠵᠢᠯᠣᠭᠤᠳᠤᠮᠵᠢ ᠬᠠᠩᠭᠠᠵᠠᠢ ᠭᠡᠪᠡ᠃       ᠭᠡᠰᠢᠭᠦᠳ ᠦᠭᠡ ᠬᠡᠯᠡᠬᠦ ᠳᠡᠭᠡᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠨᠢ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠡᠭᠢᠯᠡᠯᠲᠡ ᠶᠢᠨ ᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠡᠨᠡ ᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠪᠠ᠂ ᠥᠪᠥᠷ ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠯᠠᠪᠲᠠᠢ ᠬᠤᠶᠠᠷ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃       ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ ᠤᠨ ᠪᠠᠶᠢᠭ᠎ᠠ ᠳᠤᠭᠤᠶᠢᠯᠠᠩ ᠤᠨ ᠬᠢᠨᠠᠨ ᠵᠥᠪᠯᠡᠬᠦ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号