3 ᠰᠠᠷ᠎ᠠ ᠶᠢᠨ 5 ᠤ ᠦᠳᠡ ᠶᠢᠨ ᠬᠤᠶᠢᠨ᠎ᠠ᠂ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ ᠣᠷᠣᠯᠴᠠᠬᠰᠠᠨ ᠪᠥᠭᠡᠳ ᠦᠭᠡ ᠬᠡᠯᠡᠵᠡᠢ᠃ | ᠵᠠᠩ ᠶᠠᠨ ᠺᠦᠨ ᠦᠭᠡ ᠬᠡᠯᠡᠬᠦ ᠳᠡᠭᠡᠨ᠂ ᠲᠡᠷᠢᠭᠦᠯᠡᠭᠴᠢ ᠸᠠᠩ ᠬᠤ᠋ ᠨᠢᠩ ᠤᠨ ᠬᠢᠭᠰᠡᠨ ᠮᠡᠳᠡᠭᠦᠯᠦᠯᠲᠡ ᠨᠢ | ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠬᠦ ᠳᠡᠭᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ | ᠪᠥᠭᠡᠳ ᠪᠦᠭᠦ ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠠᠭᠠᠨ ᠬᠠᠷᠠᠯᠲᠠ ᠲᠣᠳᠣᠷᠬᠠᠢ᠂ | ᠭᠤᠣᠯᠳᠠᠯᠭ᠎ᠠ ᠲᠣᠪᠤᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠬᠥᠮᠥᠰ ᠤᠨ ᠰᠡᠳᠬᠢᠯ ᠢ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠥᠮᠥᠰ ᠢ | ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ᠃ | ᠵᠠᠩ ᠶᠠᠨ ᠺᠦᠨ᠂ ᠥᠩᠭᠡᠷᠡᠭᠰᠡᠨ ᠨᠢᠭᠡ ᠵᠢᠯ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤᠯᠤᠰ | ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ | ᠪᠣᠯᠣᠨ ᠤᠯᠤᠰ ᠤᠨ ᠭᠤᠣᠯ ᠠᠵᠢᠯ ᠪᠠ ᠶᠡᠭᠡ ᠲᠠᠯ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ | ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠨᠢᠭᠡᠳᠦᠮᠡᠯ ᠹᠷᠣᠨᠲ ᠤᠨ ᠦᠢᠯᠡᠳᠦᠯ ᠴᠢᠳᠠᠮᠵᠢ ᠶᠢᠨ ᠠᠮᠢᠳᠤᠯᠢᠭ | ᠦᠢᠯᠡᠳᠦᠯᠭᠡ ᠶᠢ ᠨᠠᠩ ᠳᠣᠪᠤᠶᠢᠯᠭᠠᠵᠤ᠂ ᠪᠠᠶᠢᠭᠤᠯᠤᠯ ᠲᠣᠭᠲᠠᠴᠠ ᠶᠢᠨ ᠬᠦᠴᠦᠷᠬᠡᠭ ᠶᠡᠭᠡ ᠦᠷ᠎ᠡ ᠠᠰᠢᠭ ᠢ ᠬᠦᠴᠦᠲᠡᠢ | ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ︽ᠤᠯᠤᠰ ᠲᠥᠷᠥ ᠶᠢᠨ | ᠵᠥᠪᠯᠡᠯᠭᠡᠨ ᠤ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠵᠤ᠂ ᠣᠷᠣᠨ ᠨᠤᠲᠤᠭ ᠤᠨ ᠤᠯᠤᠰ ᠲᠥᠷᠥ ᠶᠢᠨ | ᠵᠥᠪᠯᠡᠯᠭᠡᠨ ᠳᠤ ᠬᠡᠪ ᠳᠦᠷᠢᠮ ᠪᠣᠯᠵᠤ᠂ ᠥᠯᠢᠭᠡᠷ ᠳᠠᠭᠤᠷᠢᠶᠠᠯ ᠦᠵᠡᠭᠦᠯᠪᠡ︔ ᠡᠨᠡ ᠵᠢᠯ ᠤᠨ ᠠᠵᠢᠯ ᠤᠨ | ᠲᠣᠬᠢᠷᠠᠭᠤᠯᠤᠯᠲᠠ ᠳᠤ᠂ ︽ᠭᠤᠷᠪᠠᠨ ᠶᠡᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠥᠯᠥᠪᠯᠡᠭᠡ︾ ᠶᠢ ᠨᠢᠭᠡ | ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ | ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠳᠤ ᠴᠢᠬᠤᠯᠠ ᠵᠢᠯᠣᠭᠤᠳᠤᠮᠵᠢ ᠬᠠᠩᠭᠠᠵᠠᠢ ᠭᠡᠪᠡ᠃ | ᠭᠡᠰᠢᠭᠦᠳ ᠦᠭᠡ ᠬᠡᠯᠡᠬᠦ ᠳᠡᠭᠡᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠨᠢ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠡᠭᠢᠯᠡᠯᠲᠡ ᠶᠢᠨ ᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠡᠨᠡ | ᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠪᠠ᠂ ᠥᠪᠥᠷ | ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ | ᠯᠠᠪᠲᠠᠢ ᠬᠤᠶᠠᠷ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠠᠷᠠᠳᠴᠢᠯᠠᠯ ᠢ | ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ | ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ | ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ | ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ | ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ ᠤᠨ ᠪᠠᠶᠢᠭ᠎ᠠ | ᠳᠤᠭᠤᠶᠢᠯᠠᠩ ᠤᠨ ᠬᠢᠨᠠᠨ ᠵᠥᠪᠯᠡᠬᠦ ᠳᠤ ᠣᠷᠣᠯᠴᠠᠪᠠ᠃ |