ᠰᠤᠷᠤᠯᠭ᠎ᠠ ᠡᠬᠢᠯᠡᠬᠦ ︽ᠠᠩᠬᠠᠨ ᠤ ᠬᠤᠭᠤᠯᠠ︾᠎ ᠨᠢ ᠰᠤᠷᠭᠠᠭᠤᠯᠢ ᠶᠢᠨ ᠬᠦᠷᠢᠶᠡᠨ ᠤ ︽ᠬᠤᠭᠤᠯᠠ︾ ᠎ ᠳᠤ ᠪᠠᠳᠣᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2024/3/7
   ᠣᠶᠢᠷ᠎ᠠ ᠳᠤ᠂ 2024 ᠣᠨ ᠤ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠠᠲᠤᠯᠠᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠨᠠᠶᠢᠳᠠᠨ ᠬᠠᠮᠢᠶᠠᠷᠣᠭᠤᠯᠬᠤ ᠨᠢᠭᠡᠴᠨ ᠎ ᠳᠤ ᠪᠠᠶᠢᠴᠠᠭᠠᠯᠳᠠ ᠬᠢᠪᠠ᠃
  ᠲᠣᠰ ᠤᠳᠠᠭᠠᠨ ᠤ ᠪᠠᠶᠢᠴᠠᠭᠠᠯᠲᠠ ᠳᠤ ᠡᠯ᠎ᠡ ᠬᠠᠷᠢᠶᠠᠲᠤ ᠣᠷᠣᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠵᠢᠵᠢᠭ ᠬᠡᠲᠦ ᠳᠡᠯᠭᠡᠭᠦᠷ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ᠂ ᠵᠢᠵᠢᠭ ᠢᠳᠡᠭᠡᠨ ᠤ ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠪᠠᠶᠢᠴᠠᠭᠠᠭᠳᠠᠬᠤ ᠡᠲᠡᠭᠡᠳ ᠪᠣᠯᠭᠠᠵᠤ᠂ ᠢᠳᠡᠭᠡᠨ ᠡᠵᠡᠩᠨᠡᠬᠦ ᠨᠢᠭᠡᠴᠡ ᠳᠤ ᠬᠦᠴᠦᠨ ᠪᠦᠬᠦᠢ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠳᠠᠭᠠᠨ ᠬᠤᠭᠤᠴᠠᠭ᠎ᠠ ᠥᠩᠭᠡᠷᠡᠭᠰᠡᠨ ᠢᠳᠡᠭᠡᠨ ᠪᠠᠶᠢᠬᠤ ᠡᠰᠡᠬᠦ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ︽ᠭᠤᠷᠪᠠ ᠦᠭᠡᠢ︾ ᠢᠳᠡᠭᠡᠨ ᠪᠣᠷᠣᠯᠠᠭᠤᠯᠤᠭᠰᠠᠨ ᠡᠰᠡᠬᠦ ᠵᠢᠴᠢ ᠡᠵᠡᠩᠨᠡᠯᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠪᠠᠶᠢᠳᠠᠯ ᠵᠡᠷᠭᠡ ᠠᠭᠤᠯᠭ᠎ᠠ ᠶᠢ ᠪᠠᠶᠢᠴᠠᠭᠠᠨ ᠰᠢᠯᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠵᠡᠩᠨᠡᠭᠴᠢᠳ ᠲᠤ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠥᠷᠨᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠰᠢᠪᠠᠳᠠᠨ ᠭᠤᠣᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠨᠠᠰᠤᠨ ᠳᠤ ᠥᠯᠥ ᠬᠦᠷᠬᠦ ᠬᠡᠷᠡᠭᠯᠡᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠡᠯ᠎ᠡ ᠲᠥᠷᠥᠯ ᠤᠨ ᠢᠳᠡᠭᠡᠨ᠂ ᠠᠷᠢᠬᠢ ᠲᠠᠮᠠᠬᠢ ᠪᠠ ᠬᠡᠦᠬᠡᠳ ᠤᠨ ᠲᠣᠭᠯᠠᠭᠠᠮ ᠤᠨ ᠵᠦᠢᠯ ᠢ ᠪᠣᠷᠣᠯᠠᠭᠤᠯᠵᠤ ᠪᠣᠯᠬᠤ ᠦᠭᠡᠢ᠃ ᠣᠲᠣ ᠪᠣᠯᠲᠠᠯ᠎ᠠ᠂ ᠨᠠᠶᠢᠳᠠᠯᠭ᠎ᠠ ᠪᠠᠷ ᠬᠠᠮᠢᠶᠠᠷᠬᠤ ᠠᠩᠭᠢ ᠪᠠ ᠢᠳᠡᠭᠡᠨ ᠤ ᠵᠦᠢᠯ ᠤᠨ ᠡᠵᠡᠩᠨᠡᠯᠲᠡ ᠶᠢᠨ 45 ᠪᠡᠶᠡᠴᠢ ᠴᠣᠭᠴᠠ ᠶᠢ ᠪᠠᠶᠢᠴᠠᠭᠠᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠦᠷ ᠣᠯᠵᠤ ᠮᠡᠳᠡᠭᠰᠡᠨ ᠦᠭᠡᠢ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠣᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠵᠡᠩᠨᠡᠭᠴᠢᠳ ᠢ ᠱᠠᠯᠠᠪᠳᠠᠭᠤᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠬᠡᠦᠬᠡᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠣᠶᠢᠵᠢᠬᠤ ᠶᠢ ᠠᠩᠬᠠᠷᠣᠯ ᠳᠤ ᠪᠠᠨ ᠠᠪᠴᠣ ᠮᠡᠷᠡᠶᠢᠨ ᠬᠠᠮᠠᠭᠠᠯᠠᠭᠰᠠᠭᠠᠷ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号