ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠪᠠ
ᠨᠡᠶᠢᠲᠡᠯᠡᠭᠰᠡᠨ ᠴᠠᠭ᠄
2024/4/24
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 19᠎ ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ 19᠎ ᠤ ᠡᠳᠦᠷ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠤᠨ ᠠᠭᠤᠰᠤᠯᠴᠠᠯ᠂ ᠪᠦᠭᠦ ᠣᠷᠣᠨ ᠪᠦᠰᠡ ᠳᠤ ᠲᠤᠯᠭᠠᠭᠤᠷᠢᠯᠠᠭᠰᠠᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠷᠡᠮᠡᠬᠡᠶᠢᠯᠡᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    4 ᠰᠠᠷ᠎ᠠ ᠶᠢᠨ 19᠎ ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠪᠠ᠃ ᠵᠢᠷᠤᠭ ᠪᠣᠯ ᠰᠢ ᠶᠢᠨ ᠫᠢᠩ ᠰᠤᠷᠭᠠᠯ ᠬᠠᠶᠢᠷᠠᠯᠠᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ     ᠦᠳᠡ ᠶᠢᠨ ᠬᠤᠶᠢᠨᠠᠬᠢ 4 ᠴᠠᠭ ᠲᠤ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ ᠡᠬᠢᠯᠡᠵᠦ᠂ ᠲᠠᠯᠠᠪᠠᠢ ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠶᠣᠰᠣᠯᠠᠯ ᠤᠨ ᠴᠡᠷᠢᠭ ᠴᠡᠷᠢᠭ ᠤᠨ ᠲᠤᠭ ᠢ ᠬᠠᠮᠠᠭᠠᠯᠠᠨ ᠲᠥᠪ ᠠᠯᠬᠤᠭ᠎ᠠ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠭᠦᠷᠪᠡ᠃ ᠰᠢ ᠶᠢᠨ ᠫᠢᠩ ᠴᠡᠷᠢᠭ ᠤᠨ ᠲᠤᠭ ᠢ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠺᠤᠮᠠᠨᠳᠠᠯᠠᠭᠴᠢ ᠪᠢ ᠢ᠂ ᠺᠣᠮᠢᠰᠰᠠᠷ ᠯᠢ ᠸᠧᠢ ᠳᠤ ᠭᠠᠷᠳᠠᠭᠤᠯᠪᠠ᠃ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠭᠤᠣᠯ ᠤᠳᠤᠷᠢᠳᠤᠯᠭ᠎ᠠ ᠰᠢ ᠶᠢᠨ ᠫᠢᠩ ᠳᠤ ᠶᠣᠰᠣᠯᠠᠵᠤ᠂ ᠰᠢ ᠶᠢᠨ ᠫᠢᠩ ᠤᠨ ᠭᠠᠷ ᠠᠴᠠ ᠴᠡᠷᠢᠭ ᠤᠨ ᠲᠤᠭ ᠢ ᠲᠤᠰᠤᠨ ᠠᠪᠴᠤ᠂ ᠲᠤᠭ ᠢ ᠠᠳᠬᠤᠨ ᠲᠥᠪ ᠵᠣᠭᠰᠣᠪᠠ᠃ ᠪᠦᠭᠦ ᠳᠠᠷᠤᠭ᠎ᠠ ᠪᠠᠶᠢᠯᠳᠤᠭᠴᠢᠳ ᠴᠡᠷᠢᠭ ᠤᠨ ᠲᠤᠭ ᠲᠤ ᠲᠥᠪ ᠴᠢᠩᠭ᠎ᠠ ᠪᠠᠷ ᠶᠣᠰᠣᠯᠠᠪᠠ᠃
   4 ᠰᠠᠷ᠎ᠠ ᠶᠢᠨ 19᠎ ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠪᠠ᠃ ᠵᠢᠷᠤᠭ ᠪᠣᠯ ᠰᠢ ᠶᠢᠨ ᠫᠢᠩ ᠴᠡᠷᠢᠭ ᠤᠨ ᠲᠤᠭ ᠢ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠺᠤᠮᠠᠨᠳᠠᠯᠠᠭᠴᠢ ᠪᠢ ᠢ᠂ ᠺᠣᠮᠢᠰᠰᠠᠷ ᠯᠢ ᠸᠧᠢ ᠳᠤ ᠭᠠᠷᠳᠠᠭᠤᠯᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠲᠤᠭ ᠣᠯᠭᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠰᠤᠷᠭᠠᠯ ᠬᠠᠶᠢᠷᠠᠯᠠᠪᠠ᠃ ᠲᠡᠷᠡ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠣᠬᠢᠷᠠᠭᠤᠯᠤᠨ ᠵᠣᠬᠢᠶᠠᠨ ᠪᠠᠶᠢᠭᠤᠯᠤᠭᠰᠠᠨ ᠨᠢ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠪᠦᠭᠦ ᠲᠠᠯ᠎ᠠ ᠠᠴᠠ ᠡᠭᠦᠰᠴᠦ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠰᠢᠨ᠎ᠡ ᠭᠡᠯᠪᠡᠷᠢ ᠶᠢᠨ ᠴᠡᠷᠢᠭ ᠤᠨ ᠲᠥᠷᠥᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ ᠢ ᠲᠡᠭᠦᠯᠳᠡᠷᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠭᠦᠢᠴᠡᠳᠬᠡᠬᠦ ᠳᠤ ᠴᠢᠬᠤᠯᠠ ᠶᠡᠭᠡ ᠪᠥᠭᠡᠳ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠣᠯ ᠴᠣ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠡᠷᠢᠭ ᠤᠨ ᠲᠥᠷᠥᠯ ᠮᠥᠨ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠬᠦ ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠂ ᠮᠠᠨ ᠤ ᠴᠡᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠣᠲᠣ ᠦᠶ᠎ᠡ ᠶᠢᠨ ᠲᠡᠶᠢᠨ ᠳᠤ ᠢᠯᠠᠬᠤ ᠳᠤᠮᠳᠠ ᠴᠢᠬᠤᠯᠠ ᠪᠠᠶᠢᠷᠢ ᠰᠠᠭᠤᠷᠢ ᠲᠠᠢ᠂ ᠬᠦᠨᠳᠦ ᠶᠡᠭᠡ ᠬᠠᠷᠢᠭᠤᠴᠠᠯᠭ᠎ᠠ ᠲᠠᠢ ᠶᠤᠮ᠃ ᠨᠠᠮ ᠤᠨ ᠵᠢᠯᠣᠭᠤᠳᠤᠯᠭ᠎ᠠ ᠶᠢ ᠡᠷᠡᠰ ᠲᠠᠭᠠᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢᠨ ᠦᠨᠳᠦᠰᠦᠨ ᠵᠠᠷᠴᠢᠮ ᠪᠠ ᠳᠦᠷᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠰᠢᠯᠢᠳᠡᠭ ᠰᠤᠷᠲᠠᠯ ᠢ ᠪᠠᠳᠠᠷᠠᠭᠤᠯᠵᠤ᠂ ᠴᠡᠷᠢᠭ ᠠᠩᠭᠢ ᠶᠢᠨ ᠲᠦᠢᠯ ᠤᠨ ᠦᠨᠡᠨᠴᠢ ᠰᠢᠳᠤᠷᠭᠤ᠂ ᠲᠦᠢᠯ ᠤᠨ ᠠᠷᠢᠭᠤᠨ ᠴᠡᠪᠡᠷ᠂ ᠲᠦᠢᠯ ᠤᠨ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠯᠳᠤᠭᠠᠨ ᠢ ᠬᠦᠴᠦᠲᠡᠢ ᠲᠤᠯᠭᠠᠭᠤᠷᠢᠯᠠᠵᠤ᠂ ᠮᠡᠳᠡᠭᠡ ᠵᠠᠩᠭᠢ ᠪᠠᠷ ᠭᠤᠣᠯᠯᠠᠭᠤᠯᠬᠤ᠂ ᠬᠤᠯᠪᠤᠭᠠᠯᠠᠨ ᠢᠯᠠᠯᠲᠠ ᠣᠯᠬᠤ ᠶᠢ ᠪᠠᠷᠢᠮᠲᠠᠯᠠᠵᠤ᠂ ᠮᠡᠳᠡᠭᠡ ᠵᠠᠩᠭᠢ ᠶᠢᠨ ᠬᠡᠯᠬᠢᠶ᠎ᠡ ᠵᠠᠮ ᠢ ᠰᠢᠯᠤᠭᠤᠳᠬᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠠᠭᠤᠰᠤᠯᠴᠠᠭᠤᠯᠵᠤ᠂ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠦᠭᠦ ᠴᠡᠷᠢᠭ ᠤᠨ ᠬᠠᠮᠲᠤᠷᠠᠭᠰᠠᠨ ᠪᠠᠶᠢᠯᠳᠤᠭᠠᠨ ᠤ ᠰᠢᠰᠲ᠋ᠧᠮ ᠳᠤ ᠭᠦᠨᠵᠡᠭᠡᠢ ᠠᠭᠤᠰᠤᠯᠴᠠᠵᠤ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠬᠡᠷᠡᠭᠵᠢᠭᠦᠯᠵᠦ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠳᠤ ᠦᠢᠯᠡᠴᠢᠯᠡᠨ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠵᠦ᠂ ᠪᠠᠶᠢᠯᠳᠤᠭᠠᠨ ᠤ ᠬᠡᠷᠡᠭᠴᠡᠭᠡ ᠪᠠᠷ ᠦᠨᠳᠦᠰᠦᠨ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠲᠣ ᠦᠶ᠎ᠡ ᠶᠢᠨ ᠲᠡᠶᠢᠨ ᠤ ᠱᠠᠭᠠᠷᠳᠠᠯᠭ᠎ᠠ ᠳᠤ ᠨᠡᠶᠢᠴᠡᠭᠰᠡᠨ᠂ ᠮᠠᠨ ᠤ ᠴᠡᠷᠢᠭ ᠤᠨ ᠣᠨᠴᠠᠯᠢᠭ ᠲᠠᠢ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠢᠰᠲ᠋ᠧᠮᠳᠤ ᠲᠡᠶᠢᠨ ᠬᠢᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠭᠦ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠴᠡᠷᠢᠭ ᠠᠩᠭᠢ ᠶᠢᠨ ᠰᠠᠭᠤᠷᠢ ᠶᠢ ᠪᠠᠬᠢᠵᠢᠭᠦᠯᠵᠦ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠬᠥᠮᠥᠵᠢᠭᠦᠯᠦᠨ ᠬᠠᠮᠢᠶᠠᠷᠴᠤ᠂ ᠵᠢᠩᠬᠢᠨᠢ ᠡᠮᠬᠢ ᠳᠢᠭᠯᠢᠮ ᠢ ᠪᠠᠲᠤᠯᠠᠵᠤ᠂ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠠᠭᠠᠷᠠᠭᠰᠠᠨ ᠦᠨᠳᠦᠰᠦᠨ ᠱᠠᠲᠤ ᠶᠢ ᠪᠦᠭᠦ ᠲᠠᠯ᠎ᠠ ᠪᠠᠷ ᠳᠠᠪᠲᠠᠨ ᠪᠤᠯᠪᠠᠰᠤᠷᠠᠭᠤᠯᠵᠤ᠂ ᠴᠡᠷᠢᠭ ᠠᠩᠭᠢ ᠶᠢᠨ ᠳᠡᠭᠡᠳᠦ ᠬᠡᠮᠵᠢᠶᠡᠨ ᠤ ᠲᠥᠪᠯᠡᠷᠡᠯ ᠨᠢᠭᠡᠳᠦᠯ ᠪᠣᠯᠣᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠯᠢ ᠸᠧᠢ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠥᠯᠥᠭᠡᠯᠡᠨ ᠦᠭᠡ ᠬᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠣᠯᠣᠨ ᠲᠡᠷᠢᠭᠦᠯᠡᠭᠴᠢ ᠰᠢ ᠶᠢᠨ ᠫᠢᠩ ᠤᠨ ᠵᠢᠯᠣᠭᠤᠳᠤᠯᠭ᠎ᠠ ᠶᠢ ᠡᠷᠡᠰ ᠳᠠᠭᠠᠵᠤ᠂ ᠬᠦᠴᠦ ᠪᠠᠨ ᠲᠥᠪᠯᠡᠷᠡᠭᠦᠯᠦᠨ ᠲᠡᠶᠢᠨ ᠳᠤ ᠪᠡᠯᠡᠳᠬᠡᠵᠦ ᠲᠡᠶᠢᠨ ᠬᠢᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠨᠠᠮ ᠪᠣᠯᠣᠨ ᠠᠷᠠᠳ ᠲᠦᠮᠡᠨ ᠤ ᠬᠦᠨᠳᠦ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠢᠯᠡᠳᠬᠡᠪᠡ᠃    ᠶᠡᠭᠡ ᠬᠤᠷᠠᠯ ᠨᠢ ᠰᠦᠷ ᠵᠢᠪᠬᠤᠯᠠᠩᠲᠤ ᠴᠡᠷᠢᠭ ᠤᠨ ᠳᠠᠭᠤᠤ ᠶᠢᠨ ᠠᠶᠠᠰ ᠳᠤᠮᠳᠠ ᠲᠡᠭᠦᠰᠪᠡ᠃ ᠲᠠᠷᠠᠭ᠎ᠠ ᠨᠢ᠂ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠤᠳᠤᠷᠢᠳᠬᠤ ᠪᠠᠭ ᠤᠨ ᠪᠦᠷᠢᠯᠳᠦᠭᠦᠨ ᠨᠠᠷ ᠲᠠᠢ ᠠᠭᠤᠯᠵᠠᠵᠤ᠂ ᠤᠯᠠᠨ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃    ᠪᠠᠶᠢᠭᠤᠯᠤᠭᠳᠠᠭᠰᠠᠨ ᠶᠡᠭᠡ ᠬᠤᠷᠠᠯ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠠᠴᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠪᠠᠶᠢᠭᠤᠯᠬᠤ ᠲᠤᠬᠠᠢ ᠵᠠᠷᠯᠢᠭ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠤᠳᠤᠷᠢᠳᠬᠤ ᠪᠠᠭ ᠤᠨ ᠪᠦᠷᠢᠯᠳᠦᠭᠦᠨ ᠢ ᠲᠤᠰᠢᠶᠠᠯ ᠳᠤ ᠲᠣᠮᠢᠯᠠᠬᠤ ᠵᠠᠷᠯᠢᠭ ᠪᠣᠯᠣᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠯ ᠤᠨ ᠮᠡᠳᠡᠭᠳᠡᠯ ᠢ ᠤᠩᠰᠢᠨ ᠨᠡᠶᠢᠲᠡᠯᠡᠪᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠡᠭᠡ ᠬᠤᠷᠠᠯ ᠢ ᠡᠷᠭᠢᠯᠡᠪᠡ᠃    ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠶᠡᠭᠡ ᠬᠤᠷᠠᠯ ᠳᠤ ᠣᠷᠣᠯᠴᠠᠪᠠ᠃ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠬᠤᠷᠢᠶ᠎ᠠ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠡᠯ᠎ᠡ ᠴᠡᠷᠢᠭ ᠤᠨ ᠲᠦᠷᠦᠯ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠨᠠᠷ ᠶᠡᠭᠡ ᠬᠤᠷᠠᠯ ᠳᠤ ᠣᠷᠣᠯᠴᠠᠪᠠ᠃    ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠢ ᠦᠨᠳᠦᠰᠦᠯᠡᠪᠡᠯ᠂ ᠰᠢᠨ᠎ᠡ ᠪᠠᠷ ᠪᠠᠶᠢᠭᠤᠯᠤᠭᠰᠠᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠰᠢᠭᠤᠳ ᠤᠳᠤᠷᠢᠳᠤᠨ ᠵᠢᠯᠤᠭᠤᠳᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠳ᠋ᠤᠭᠠᠷ ᠢ ᠬᠠᠰᠤᠵᠤ ᠂ ᠴᠡᠷᠢᠭ ᠤᠨ ᠶᠠᠪᠤᠳᠠᠯ ᠤᠨ ᠰᠠᠨᠰᠠᠷ ᠤᠨ ᠠᠶᠠᠯᠠᠯ ᠤᠨ ᠴᠡᠷᠢᠭ ᠠᠩᠭᠢ᠂ ᠰᠦᠯᠵᠢᠶᠡᠨ ᠤ ᠣᠷᠣᠨ ᠵᠠᠢ ᠶᠢᠨ ᠴᠡᠷᠢᠭ ᠠᠩᠭᠢ ᠶᠢᠨ ᠤᠳᠤᠷᠢᠳᠤᠨ ᠬᠠᠮᠢᠶᠠᠷᠬᠤ ᠬᠠᠷᠢᠴᠠᠭ᠎ᠠ ᠶᠢ ᠬᠠᠷᠠᠭᠠᠯᠵᠠᠭᠤᠯᠤᠨ ᠲᠣᠬᠢᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号