【 ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ  】 ︽ᠬᠠᠪᠰᠤᠷᠤᠨ ᠡᠷᠬᠢᠯᠡᠵᠦ ᠣᠷᠣᠯᠠᠨ ᠭᠦᠢᠴᠡᠳᠬᠡᠬᠦ - ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠭᠡ︾ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2024/4/24
     ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠤᠨ ᠲᠣᠭᠲᠠᠮᠠᠯ ᠬᠤᠭᠤᠴᠠᠭ᠎ᠠ ᠲᠠᠢ ᠪᠠᠷ ᠭᠡᠷᠡᠴᠢᠯᠡᠬᠦ ᠠᠵᠢᠯ ᠢ ᠤᠷᠤᠭᠰᠢᠲᠠᠶ ᠪᠡᠶᠡᠯᠡᠭᠦᠯᠬᠦ ᠳᠤ ᠲᠥᠬᠦᠮ ᠦᠵᠡᠭᠦᠯᠵᠦ᠂ ᠣᠯᠠᠨ ᠲᠦᠮᠡᠨ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠭᠦᠢᠴᠡᠳ ᠣᠶᠢᠯᠠᠭᠠᠭᠤᠯᠬᠤ ᠶᠢᠨ ᠲᠤᠰᠠᠳᠠ᠂ ᠷᠦᠩ ᠲᠠᠢ ᠵᠠᠮ ᠤᠨ ᠨᠡᠶᠢᠭᠡᠮ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯᠲᠠᠳ ᠬᠠᠷᠢᠶ᠎ᠠ ᠣᠷᠣᠨ ᠤ ᠪᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠨ᠎ᠡ ᠪᠠᠷ ᠨᠡᠮᠡᠭᠳᠡᠭᠰᠡᠨ ᠡᠷᠦᠬᠡ ᠳᠤ ᠲᠣᠭᠲᠠᠮᠠᠯ ᠬᠤᠭᠤᠴᠠᠭ᠎ᠠ ᠲᠠᠢ ᠪᠠᠷ ᠭᠡᠷᠡᠴᠢᠯᠡᠭᠡ ᠬᠢᠬᠦ ᠶᠢ ᠪᠡᠶᠡᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠠᠭᠤᠭᠠᠯᠢ ᠠᠷᠠᠳ ᠲᠤ ᠦᠨᠡᠨ ᠬᠦ ᠪᠣᠳᠠᠲᠠᠶ ᠠᠵᠢᠯ ᠬᠢᠵᠦ ᠥᠭᠪᠡ᠃      ᠰᠢᠨ᠎ᠡ ᠪᠠᠷ ᠨᠡᠮᠡᠭᠳᠡᠭᠰᠡᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠪᠣᠯ  ᠵᠡᠮᠳᠡᠭ ᠬᠥᠮᠦᠨ ᠂ ᠭᠠᠭᠴᠠᠭᠠᠷ ᠢᠶᠠᠨ ᠭᠠᠳᠠᠭᠰᠢ ᠭᠠᠷᠴᠤ ᠳᠡᠶᠢᠯᠬᠦ ᠥᠬᠡᠶ᠂ ᠡᠩ ᠤᠨ ᠦᠶ᠎ᠡ ᠳᠤ ᠠᠬ᠎ᠠ ᠳᠤ ᠲᠦᠰᠢᠭᠯᠡᠨ ᠬᠠᠷᠠᠭᠠᠯᠵᠠᠵᠤ ᠪᠣᠯᠬᠤ ᠥᠬᠡᠶ᠃ ᠠᠬ᠎ᠠ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠥᠬᠡᠶ᠂ ᠠᠵᠢᠯᠲᠠᠳ ᠬᠡᠷ ᠲᠤᠨᠢ ᠬᠦᠷᠴᠦ᠂ APP ᠪᠠᠷ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ ᠳᠤ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠪᠠ ᠭᠡᠷᠡᠴᠢᠯᠡᠭᠡ ᠬᠢᠵᠦ᠂ ᠭᠠᠷ ᠲᠤ ᠪᠠᠨ APP ᠶᠢ ᠬᠡᠷᠬᠢᠨ ᠬᠡᠷᠡᠭᠯᠡᠨ ᠣᠶᠤᠨᠴᠢ ᠭᠡᠷᠡᠴᠢᠯᠡᠭᠡ ᠬᠢᠭᠰᠡᠨ ᠪᠥᠭᠡᠳ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠵᠢᠴᠢ ᠬᠦᠴᠢᠷᠳᠡᠯ ᠲᠠᠢ ᠬᠡᠷᠡᠭᠴᠡᠭᠡ ᠱᠠᠭᠠᠷᠳᠠᠯᠭ᠎ᠠ ᠵᠡᠷᠭᠡ ᠶᠢ ᠨᠠᠷᠢᠨ ᠣᠶᠢᠯᠠᠭᠠᠪᠠ᠃
    ᠳᠠᠷᠠᠭᠠᠴᠢ ᠶᠢᠨ ᠠᠯᠬᠤᠮ ᠳᠤ᠂ ᠷᠦᠩ ᠲᠠᠢ ᠵᠠᠮ ᠤᠨ ᠨᠡᠶᠢᠭᠡᠮ ᠲᠣᠭᠤᠷᠢᠭ ᠦᠷᠭᠦᠯᠵᠢᠯᠡᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠷ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠠᠴᠢᠮ ᠬᠦᠴᠢᠷᠳᠡᠯ ᠠᠴᠠ ᠠᠪᠤᠷᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠢᠷᠤᠮᠵᠢᠭᠰᠠᠨ ᠠᠵᠢᠯᠯᠠᠭ᠎ᠠ ᠪᠠ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠵᠢᠷᠤᠮᠵᠢᠯ ᠤᠨ ᠴᠢᠨᠠᠷ ᠢ ᠪᠠᠲᠤᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠷᠢᠶᠠᠯᠠᠭᠳᠠᠬᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号