ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ︕ ᠤᠯᠤᠰ ᠤᠨ ᠭᠠᠳᠠᠭᠠᠳᠤ ᠳᠠᠬᠢ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠴᠣ ᠦᠢᠯᠡᠰ ᠪᠣᠰᠬᠠᠬᠤ ᠰᠠᠭᠤᠷᠢᠨ ᠭᠠᠵᠠᠷ
ᠨᠡᠶᠢᠲᠡᠯᠡᠭᠰᠡᠨ ᠴᠠᠭ᠄
2024/4/25
     ᠣᠶᠢᠷ᠎ᠠ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠯᠪᠠᠨ ᠲᠢᠩᠬᠢᠮ ᠴᠣᠬᠤᠯᠠᠪᠤᠷᠢ ᠮᠡᠳᠡᠭᠳᠡᠯ ᠪᠠᠭᠤᠯᠭᠠᠵᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ︽ᠤᠯᠤᠰ ᠤᠨ ᠭᠠᠳᠠᠭᠠᠳᠤ ᠳᠠᠬᠢ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ︾ ᠭᠡᠵᠦ ᠲᠣᠭᠲᠠᠭᠠᠪᠠ᠂ ᠡᠨᠡ ᠪᠣᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠥᠪᠰᠢᠶᠡᠷᠡᠨ ᠪᠠᠶᠢᠭᠤᠯᠤᠭᠰᠠᠨ ᠠᠩᠬᠠᠳᠠᠭᠴᠢ ᠤᠯᠤᠰ ᠤᠨ ᠲᠠᠰ ᠤᠨ ᠭᠠᠷᠠᠮ ᠠᠴᠠ ᠰᠠᠯᠬᠤ ᠰᠠᠭᠤᠷᠢᠨ ᠭᠠᠵᠠᠷ ᠮᠥᠨ᠃     ᠤᠯᠤᠰ ᠤᠨ ᠭᠠᠳᠠᠭᠠᠳᠤ ᠳᠠᠬᠢ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠬᠦ ᠦᠢᠯᠡᠰ ᠪᠣᠰᠬᠠᠬᠤ ᠰᠠᠭᠤᠷᠢᠨ ᠪᠣᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠴᠢᠯᠦᠭᠡᠲᠡᠢ ᠰᠢᠯᠵᠢᠬᠦ ᠶᠢ ᠠᠬᠢᠭᠤᠯᠬᠤ᠂ ᠭᠠᠳᠠᠭᠠᠳᠤ ᠶᠢᠨ ᠴᠢᠳᠠᠪᠤᠷᠢᠲᠠᠨ ᠢ ᠤᠶᠠᠨ ᠬᠠᠳᠠᠨ ᠢᠶᠠᠷ ᠣᠷᠣᠭᠤᠯᠤᠨ ᠠᠪᠴᠢᠷᠠᠬᠤ᠂ ᠭᠠᠷᠠᠮ ᠠᠴᠠ ᠰᠠᠯᠵᠤ ᠰᠢᠨ᠎ᠡ ᠶᠢ ᠡᠭᠦᠳᠬᠦ ᠦᠢᠯᠡᠰ ᠪᠣᠰᠬᠠᠬᠤ ᠭᠤᠣᠯ ᠴᠣᠭᠴᠠ ᠶᠢ ᠲᠠᠲᠠᠬᠤ ᠪᠠ ᠲᠥᠪᠯᠡᠷᠡᠭᠦᠯᠬᠦ ᠶᠢᠨ ᠲᠥᠯᠥᠭᠡ ᠠᠪᠤᠭᠰᠠᠨ ᠰᠢᠨ᠎ᠡ ᠠᠷᠭ᠎ᠠ ᠬᠡᠮᠵᠢᠶ᠎ᠡ ᠪᠣᠯᠣᠨ᠎ᠠ᠃ ᠤᠯᠠᠮᠵᠢᠯᠠᠯᠲᠤ ︽ᠴᠢᠳᠠᠪᠤᠷᠢᠲᠠᠨ ᠢ ᠲᠤᠬᠠᠢ ᠶᠢᠨ ᠭᠠᠵᠠᠷ ᠲᠠᠭᠠᠨ ᠠᠪᠴᠢᠷᠠᠵᠤ ᠠᠵᠢᠯᠯᠠᠭᠤᠯᠤᠨ᠎ᠠ︾ ᠭᠡᠳᠡᠭ ᠲᠠᠢ ᠬᠠᠷᠢᠴᠠᠭᠤᠯᠪᠠᠯ᠂ ᠭᠠᠳᠠᠭᠠᠳᠤ ᠶᠢᠨ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠨᠢ ᠭᠠᠳᠠᠭᠠᠳᠤ ᠶᠢᠨ ᠳᠡᠭᠡᠳᠦ ᠲᠠᠰ ᠤᠨ ᠴᠢᠳᠠᠪᠤᠷᠢᠲᠠᠨ ᠢ ᠭᠠᠳᠠᠭᠠᠳᠤ ᠳᠤ ᠦᠯᠡᠳᠡᠭᠡᠵᠦ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠤᠯᠵᠤ᠂ ᠦᠷ᠎ᠡ ᠪᠦᠲᠦᠭᠡᠯ ᠢ ᠨᠢ ᠤᠯᠤᠰ ᠤᠨ ᠳᠣᠲᠣᠭᠠᠳᠤ ᠳᠤ ᠨᠠᠶᠢᠳᠠᠪᠤᠷᠢᠵᠢᠭᠤᠯᠵᠤ ᠪᠣᠯᠣᠨ᠎ᠠ᠃ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠠᠳᠠᠭᠠᠳᠤ ᠳᠠᠬᠢ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ︾᠎ ᠢ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠲᠦᠷᠦᠭᠦᠯᠡᠨ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︵ᠴᠢᠳᠠᠪᠤᠷᠢᠲᠠᠨ ᠤ ᠠᠯᠪᠠᠨ ᠭᠡᠷ︶᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ ᠠᠴᠠ ᠪᠣᠳᠠᠲᠠᠢ ᠠᠵᠢᠯᠯᠠᠬᠤ ᠶᠢ ᠬᠠᠷᠢᠭᠤᠴᠠᠵᠤ᠂ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ︵ᠴᠢᠳᠠᠪᠤᠷᠢᠲᠠᠨ ᠤ ᠲᠥᠪ︶᠂ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠮᠵᠢᠨ ᠪᠠᠲᠤᠯᠠᠨ᠎ᠠ᠃
    ᠣᠲᠣ ᠪᠣᠯᠲᠠᠯ᠎ᠠ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠢᠭᠡᠨᠲᠡ 11 ᠤᠯᠤᠰ ᠤᠨ ᠲᠠᠰ ᠤᠨ ᠴᠢᠳᠠᠪᠤᠷᠢᠲᠠᠨ᠂ 3 ᠳᠠᠭᠠᠭᠤᠯᠤᠭᠴᠢ ᠴᠢᠳᠠᠪᠤᠷᠢᠲᠠᠨ ᠬᠥᠮᠥᠵᠢᠭᠦᠯᠵᠦ᠂ 5 ᠬᠥᠮᠥᠨ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠥᠬᠦᠪᠦᠷᠢ ᠶᠢ ᠭᠥᠷᠳᠡᠪᠡ  ᠃ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠲᠥᠯᠥᠪᠯᠡᠭᠡ ᠳᠤ 61 ᠬᠥᠮᠥᠨ᠂ 16 ᠪᠦᠯᠬᠦᠮ ᠰᠣᠩᠭᠤᠭᠳᠠᠵᠤ᠂ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠰᠠᠭᠤᠷᠢᠨ ᠭᠠᠵᠠᠷ ᠢᠶᠠᠷ 1 ᠰᠣᠩᠭᠤᠭᠳᠠᠪᠠ  ᠃ ︽ᠯᠦ ᠴᠧᠩ ᠤᠨ ᠴᠢᠳᠠᠪᠤᠷᠢᠲᠠᠨ︾᠎ ᠳᠤ74 ᠨᠡᠷᠡᠰ᠂ 24 ᠪᠦᠯᠬᠦᠮ ᠰᠣᠩᠭᠤᠭᠳᠠᠵᠤ᠂ 4 ︽ᠯᠦ ᠴᠧᠩ ᠤᠨ ᠴᠢᠳᠠᠪᠤᠷᠢᠲᠠᠨ︾᠎ ᠤ ᠰᠠᠭᠤᠷᠢᠨ ᠭᠠᠵᠠᠷ ᠢᠶᠠᠷ ᠦᠨᠡᠯᠡᠭᠳᠡᠪᠡ  ᠃ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ 103 ᠲᠥᠪᠯᠡᠷᠡᠭᠦᠯᠵᠦ᠂ ᠭᠠᠳᠠᠭᠠᠳᠤ ᠶᠢᠨ ᠴᠢᠳᠠᠪᠤᠷᠢᠲᠠᠨ ᠲᠠᠢ ᠤᠷᠳᠤ ᠬᠤᠭᠤᠴᠠᠭ᠎ᠠ ᠪᠠᠷ ᠬᠠᠷᠢᠯᠴᠠᠨ ᠭᠠᠳᠠᠭᠠᠳᠤ ᠳᠤ ᠪᠤᠴᠠᠵᠤ ᠦᠢᠯᠡᠰ ᠪᠣᠰᠬᠠᠬᠤ ᠪᠠᠷ ᠭᠤᠣᠯ ᠪᠣᠯᠭᠠᠭᠰᠠᠨ ᠡᠯ᠎ᠡ ᠲᠦᠷᠦᠯ ᠤᠨ ᠳᠡᠭᠡᠳᠦ ᠲᠡᠰ ᠤᠨ ᠴᠢᠳᠠᠪᠤᠷᠢᠲᠠᠨ ᠢ ᠨᠡᠶᠢᠳᠡ 497 ᠲᠠᠲᠠᠵᠤ᠂ 428 ᠠᠵᠤ ᠠᠬᠤᠶᠢᠯᠠᠯ ᠢ ᠳᠠᠭᠠᠭᠤᠯᠤᠨ ᠡᠭᠦᠰᠬᠡᠨ ᠪᠠᠶᠢᠭᠤᠯᠪᠠ᠃ ᠭᠠᠳᠠᠭᠠᠳᠤ ᠳᠠᠬᠢ ᠠᠵᠢᠯᠯᠠᠬᠤ ᠦᠷᠳᠡᠭᠡ ᠶᠢ 4 ᠪᠠᠶᠢᠭᠤᠯᠵᠤ᠂ ᠪᠦᠬᠦ ᠪᠥᠮᠪᠥᠷᠴᠡᠭ ᠤᠨ ᠭᠠᠳᠠᠭᠠᠳᠤ ᠳᠠᠬᠢ 29 ᠠᠷᠭ᠎ᠠ ᠵᠠᠮ ᠲᠠᠢ ᠡᠬᠢ ᠪᠠᠶᠠᠯᠢᠭ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢᠨ ᠬᠠᠮᠲᠤᠷᠠᠯᠴᠠᠭ᠎ᠠ ᠶᠢ ᠪᠠᠶᠢᠭᠤᠯᠵᠤ᠂ ︽ᠭᠠᠳᠠᠭᠠᠳᠤ ᠠᠴᠠ ᠪᠤᠴᠠᠵᠤ ᠢᠷᠡᠭᠰᠡᠨ︾ ᠰᠢᠨ᠎ᠡ ᠶᠢ ᠡᠭᠦᠳᠬᠦ ᠦᠢᠯᠡᠰ ᠪᠣᠰᠬᠠᠬᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠠᠢ᠃
    ᠲᠤᠰ ᠤᠳᠠᠭ᠎ᠠ ᠤᠯᠤᠰ ᠤᠨ ᠭᠠᠳᠠᠭᠠᠳᠤ ᠳᠠᠬᠢ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠬᠦ ᠦᠢᠯᠡᠰ ᠪᠣᠰᠬᠠᠬᠤ ᠰᠠᠭᠤᠷᠢᠨ ᠭᠠᠵᠠᠷ ᠢᠶᠠᠷ ᠵᠥᠪᠰᠢᠶᠡᠷᠡᠭᠳᠡᠵᠦ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳᠤ ᠥᠭᠭᠦᠭᠰᠡᠨ ︽ᠨᠢᠭᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾᠂ ︽ᠬᠤᠶᠠᠷ ᠰᠠᠭᠤᠷᠢᠨ ᠢ ᠪᠦᠲᠦᠭᠡᠨ ᠪᠠᠶᠢᠭᠤᠯᠬᠤ︾ ᠴᠢᠬᠤᠯᠠ ᠵᠢᠭᠠᠪᠤᠷᠢ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠎ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠭᠠᠳᠠᠭᠠᠳᠤ ᠶᠢᠨ ᠰᠢᠨ᠎ᠡ ᠶᠢ ᠡᠭᠦᠳᠬᠦ ᠦᠢᠯᠡᠰ ᠪᠣᠰᠬᠠᠬᠤ ᠴᠢᠳᠠᠪᠤᠷᠢᠲᠠᠨ ᠪᠣᠯᠣᠨ ᠰᠢᠨ᠎ᠡ ᠶᠢ ᠡᠭᠦᠳᠬᠦ ᠲᠦᠷᠦᠯ ᠵᠦᠢᠯ ᠢ ᠲᠥᠪᠯᠡᠷᠡᠭᠦᠯᠦᠨ ᠪᠤᠭᠤᠲᠤ ᠵᠢᠴᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠡᠨᠡᠬᠦ ᠴᠢᠬᠤᠯᠠ ᠡᠭᠦᠷᠭᠡ ᠶᠢ ᠳᠤᠪᠤᠶᠢᠯᠭᠠᠵᠤ᠂ 2027 ᠣᠨ ᠪᠣᠯᠬᠤ ᠳᠤ᠂ ᠪᠤᠭᠤᠲᠤ ᠪᠠᠷ ᠲᠥᠪ ᠪᠣᠯᠭᠠᠭᠰᠠᠨ᠂ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠬᠥᠭᠵᠢᠭᠰᠡᠨ ᠭᠠᠵᠠᠷ ᠣᠷᠣᠨ ᠳᠤ ᠬᠠᠨᠳᠤᠭᠤᠯᠤᠭᠰᠠᠨ ᠪᠤᠭᠤᠲᠤ ᠶᠢᠨ ︽ᠳᠡᠭᠡᠳᠦ ᠰᠢᠨ᠎ᠡ︾ ᠣᠨᠴᠠᠯᠢᠭ ᠪᠦᠬᠦᠢ ᠭᠠᠳᠠᠭᠠᠳᠤ ᠶᠢᠨ ᠴᠢᠳᠠᠪᠤᠷᠢᠲᠠᠨ ᠤ ᠭᠠᠷᠠᠮ ᠠᠴᠠ ᠰᠠᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠢᠰᠲ᠋ᠧᠮᠵᠢ ᠶᠢ ᠪᠠᠶᠢᠭᠤᠯᠣᠨ ᠣᠷᠣᠨ ᠪᠦᠰᠡ ᠶᠢᠨ ᠣᠯᠠᠨ ᠤᠯᠤᠰ ᠤᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠲᠠᠢ ᠭᠠᠳᠠᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠴᠤᠭᠯᠠᠷᠠᠭᠰᠠᠨ ᠣᠷᠣᠨ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠠᠴᠢᠶᠠᠯᠠᠪᠤᠷᠢ ᠶᠢᠨ ᠣᠷᠣᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠨᠡᠪᠴᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号