ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠣᠯᠳᠠ ᠎ ᠶᠢᠨ ᠰᠠᠨᠠᠭᠠᠴᠢᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/25
ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠡ᠄    ︽ᠡᠷᠲᠡᠨ ᠠᠴᠠ ᠠᠪᠤᠭᠠᠳ ᠦᠭᠦᠵᠣ ᠲᠦᠷᠦᠭᠦ ᠬᠡᠮᠡᠭᠴᠢ ᠶᠢᠷᠳᠢᠨᠴᠣ ᠶᠢᠨ ᠵᠢᠮ᠎ᠠ᠂ ᠬᠥᠮᠥᠨ ᠢᠲᠡᠭᠡᠯ ᠦᠭᠡᠢ ᠪᠣᠯᠪᠠᠰᠤ ᠲᠣᠭᠲᠠᠵᠤ ᠦᠯᠦ ᠴᠢᠳᠠᠮᠤᠢ᠃︾ ᠦᠨᠡᠨᠴᠢ ᠢᠲᠡᠭᠡᠮᠵᠢᠲᠡᠢ ᠪᠠᠶᠢᠬᠤ ᠪᠣᠯ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠴᠢᠬᠤᠯᠠ ᠠᠭᠤᠯᠭ᠎ᠠ ᠮᠥᠨ᠂ ᠬᠤᠪᠢ ᠬᠥᠮᠥᠨ ᠤ ᠣᠷᠣᠰᠢᠨ ᠲᠣᠭᠲᠠᠨᠢᠬᠤ ᠶᠢᠨ ᠦᠨᠳᠦᠰᠦ᠂ ᠨᠡᠶᠢᠭᠡᠮ ᠤᠨ ᠬᠥᠭᠵᠢᠯᠲᠡ ᠶᠢᠨ ᠰᠠᠭᠤᠷᠢ᠂ ᠬᠤᠳᠠ ᠶᠢᠨ ᠪᠣᠯᠪᠠᠰᠤᠨ ᠤ ᠰᠦᠭ ᠰᠦᠨᠡᠰᠦ ᠮᠥᠨ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠬᠦᠴᠦᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠠᠮᠠᠯᠠᠯᠲᠠ ᠪᠠᠨ ᠪᠡᠶᠡᠯᠡᠭᠦᠯᠬᠦ ᠶᠢ ᠦᠷᠨᠢᠭᠦᠯᠦᠨ ᠦᠨᠡᠨᠴᠢ ᠰᠢᠳᠤᠷᠭᠤ᠂ ᠢᠲᠡᠭᠡᠯ ᠲᠠᠢ᠂ ᠪᠡᠶ᠎ᠡ ᠪᠠᠨ ᠱᠠᠭᠠᠷᠳᠠᠬᠤ᠂ ᠬᠠᠷᠢᠯᠴᠠᠨ ᠢᠲᠡᠭᠡᠯᠴᠡᠬᠦ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠠᠳᠡ ᠪᠢᠳᠡ ᠳᠣᠣᠷᠠᠬᠢ ᠮᠡᠲᠦ ᠶᠢ ᠰᠠᠨᠠᠭᠠᠴᠢᠠᠯᠠᠶ᠎ᠠ᠄    1. ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠦᠵᠡᠯᠲᠡ ᠶᠢ ᠪᠠᠲᠤ ᠪᠣᠶ ᠪᠣᠯᠭᠠᠨ᠎ᠠ᠃ ᠵᠠᠰᠠᠭ ᠤᠨ ᠣᠷᠳᠣᠨ ᠤ ᠠᠮᠠᠯᠠᠯᠲᠠ ᠪᠠᠨ ᠦᠨᠡᠨ ᠬᠦ ᠪᠡᠶᠡᠯᠡᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠬᠠᠮᠢᠶᠠᠷᠤᠯᠲᠠ᠂ ᠬᠢᠨᠠᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠦᠬᠦ ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠵᠤ᠂ ᠢᠯᠡ ᠲᠣᠳᠣ ᠵᠠᠰᠠᠭ ᠤᠨ ᠶᠠᠪᠤᠳᠠᠯ ᠢ ᠰᠠᠨᠠᠭᠠᠴᠢᠯᠠᠨ᠂ ᠨᠠᠮ ᠤᠨ ᠶᠠᠪᠤᠳᠠᠯ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠳᠥᠭᠦᠮᠴᠢᠯᠡᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠭᠠᠷᠳᠠᠮ ᠲᠥᠬᠦᠮ᠂ ᠴᠠᠭ ᠲᠦᠷᠭᠡᠨ᠂ ᠦᠢᠯᠡᠴᠢᠯᠡᠭᠡ ᠴᠢᠨᠠᠷ ᠰᠠᠶᠢᠲᠠᠢ᠂ ᠥᠪᠡᠷ ᠤᠨ ᠥᠷᠲᠡᠭ ᠢ ᠠᠷᠪᠢᠯᠠᠬᠤ ᠪᠠ ᠦᠢᠯᠡᠴᠢᠯᠡᠬᠦ ᠶᠠᠪᠤᠴᠠ ᠳᠤ ᠬᠠᠷᠰᠢ ᠰᠠᠭᠠᠳ ᠦᠭᠡᠢ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠵᠠᠢ ᠵᠠᠪᠰᠠᠷ ᠦᠭᠡᠢ᠂ ᠦᠢᠯᠡᠴᠢᠯᠡᠭᠡᠨ ᠤ ᠶᠠᠰᠤ ᠴᠢᠨᠠᠷ ᠲᠤ ᠳᠤᠲᠠᠭᠳᠠᠯ ᠦᠭᠡᠢ᠂ ᠦᠢᠯᠡᠴᠢᠯᠡᠭᠡᠨ ᠤ ᠵᠦᠢᠯᠡᠰ ᠲᠤ ᠳᠠᠷᠤᠭᠳᠠᠯ ᠦᠭᠡᠢ᠂ ᠦᠢᠯᠡᠴᠢᠯᠡᠭᠡᠨ ᠤ ᠬᠦᠴᠦᠨ ᠴᠢᠳᠠᠪᠤᠷᠢ ᠳᠤ ᠵᠠᠭᠠᠯᠳᠤᠯᠭ᠎ᠠ ᠭᠠᠷᠭᠠᠬᠤ ᠦᠭᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠢᠳᠡᠪᠬᠢᠲᠡᠢ ᠪᠠᠷ ᠪᠣᠶ ᠪᠣᠯᠭᠠᠶ᠎ᠠ᠃    2. ᠦᠨᠡᠨᠴᠢ ᠢᠲᠡᠭᠡᠮᠵᠢᠲᠡᠢ ᠪᠠᠷ ᠬᠥᠮᠥᠨ ᠳᠤ ᠬᠠᠨᠳᠤᠬᠤ ᠤᠬᠠᠮᠰᠠᠷ ᠢ ᠪᠣᠶ ᠪᠣᠯᠭᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠨᠡᠨᠴᠢ ᠬᠡᠮᠡᠭᠴᠢ ᠲᠡᠭᠷᠢ ᠶᠢᠨ ᠶᠣᠰᠣᠨ ᠪᠤᠯᠠᠢ᠃ ᠦᠨᠡᠨᠴᠢ ᠪᠤᠳᠤᠯ ᠪᠣᠯᠪᠠᠰᠤ ᠬᠥᠮᠥᠨ ᠤ ᠶᠣᠰᠣ ᠪᠤᠯᠠᠢ᠃ ᠦᠨᠡᠨᠴᠢ ᠢᠲᠡᠭᠡᠮᠵᠢᠲᠡᠢ ᠬᠥᠮᠥᠨ᠂ ᠦᠨᠡᠨᠴᠢ ᠰᠢᠳᠤᠷᠭᠤ ᠦᠭᠡ ᠶᠠᠷᠢᠶ᠎ᠠ ᠦᠶᠯᠡ ᠠᠵᠢᠯᠯᠠᠭ᠎ᠠ ᠪᠠᠨ ᠨᠢᠭᠡᠳᠬᠡᠵᠦ᠂ ᠠᠮᠠᠯᠠᠯᠲᠠ ᠪᠠᠨ ᠬᠢᠴᠢᠶᠡᠩᠭᠦᠶᠢᠯᠡᠨ ᠰᠠᠬᠢᠵᠤ᠂ ᠦᠨᠡᠨᠴᠢ ᠪᠠᠷ ᠬᠠᠨᠳᠤᠵᠤ᠂ ᠬᠤᠳᠠᠯ ᠬᠠᠭᠤᠷᠮᠠᠭ ᠪᠢᠰᠢ᠂ ᠬᠠᠭᠤᠷᠴᠤ ᠮᠡᠬᠡᠯᠡᠬᠦ ᠦᠭᠡᠢ ᠪᠠᠶᠢᠬᠤ ᠬᠡᠷᠡᠭᠲᠡᠢ  ᠃ ᠦᠨᠡᠨᠴᠢ ᠢᠲᠡᠭᠡᠮᠵᠢᠲᠡᠢ ᠪᠠᠷ ᠤᠴᠢᠷ ᠶᠠᠪᠤᠳᠠᠯ ᠢ ᠰᠢᠢᠳᠪᠦᠷᠢᠯᠡᠵᠦ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠳ᠋ᠦᠩ ᠲᠠᠢ᠂ ᠬᠡᠲᠦᠷᠡᠭᠦᠯᠪᠡᠯ ᠵᠠᠯᠠᠷᠠᠭᠤᠯᠵᠤ ᠴᠢᠳᠠᠨ᠎ᠠ᠂ ᠬᠤᠳᠠᠯ ᠬᠡᠯᠡᠬᠦ ᠦᠭᠡᠢ᠂  ᠪᠣᠳᠠᠲᠤ ᠬᠡᠷᠡᠭ ᠤᠨ ᠦᠨᠡᠨ ᠪᠠᠶᠢᠳᠠᠯ ᠢ ᠨᠢᠭᠤᠨ ᠳᠠᠯᠳᠠᠯᠠᠬᠤ ᠦᠭᠡᠢ᠂ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ᠃ ᠦᠨᠡᠨᠴᠢ ᠢᠲᠡᠭᠡᠮᠵᠢᠲᠡᠢ ᠪᠠᠷ ᠡᠷᠳᠡᠮ ᠮᠡᠳᠡᠯᠭᠡ ᠰᠤᠷᠴᠤ᠂ ᠰᠢᠨᠵᠢᠯᠡᠬᠦ ᠤᠬᠠᠭᠠᠨ ᠢ ᠡᠷᠬᠢᠮᠯᠡᠨ᠂ ᠵᠢᠮ᠎ᠡ ᠶᠣᠰᠣ ᠶᠢ ᠬᠦᠨᠳᠦᠳᠬᠡᠵᠦ᠂ ᠦᠨᠡᠨ ᠶᠣᠰᠣ ᠶᠢ ᠡᠷᠢᠯᠬᠢᠯᠡᠨ᠂ ᠦᠨᠡᠨ ᠠᠴᠠ ᠵᠥᠪ ᠢ ᠡᠷᠢᠵᠦ᠂ ᠭᠡᠮ ᠬᠢᠬᠦ ᠦᠭᠡᠢ᠂ ᠬᠠᠭᠤᠯᠬᠤ ᠦᠭᠡᠢ᠂ ᠬᠠᠷᠢᠭᠤᠴᠠᠯᠭ᠎ᠠ ᠦᠭᠡᠢ ᠦᠭᠡ ᠶᠠᠷᠢᠶ᠎ᠠ ᠶᠢ ᠲᠠᠷᠬᠠᠭᠠᠬᠤ ᠦᠭᠡᠢ᠂ ᠶᠠᠮᠠᠷᠪᠠ ᠬᠡᠪᠯᠡᠯ ᠬᠤᠯᠠᠭᠠᠶᠢᠯᠠᠨ ᠠᠰᠢᠭ ᠬᠤᠨᠵᠢᠪᠤᠷᠢ ᠣᠯᠬᠤ ᠠᠵᠢᠯᠯᠠᠭ᠎ᠠ ᠶᠢ ᠤᠬᠠᠭᠤᠯᠬᠤ ᠦᠭᠡᠢ᠃     3. ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠨᠣᠯᠵᠢᠬᠤᠨ ᠢ ᠪᠠᠲᠤ ᠰᠠᠬᠢᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠬᠦᠨᠳᠡᠵᠦ ᠪᠣᠯᠬᠤ ᠦᠭᠡᠢ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠳᠠᠪᠠᠵᠤ ᠪᠣᠯᠬᠤ ᠦᠭᠡᠢ ᠭᠡᠳᠡᠭ ᠢ ᠪᠠᠲᠤ ᠴᠡᠭᠡᠵᠢᠯᠡᠵᠦ ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠳᠤ ᠦᠨᠡᠨᠴᠢ ᠢᠲᠡᠭᠡᠮᠵᠢᠲᠡᠢ ᠪᠠᠶᠢᠬᠤ᠂ ᠳᠦᠷᠢᠮ ᠶᠣᠰᠣᠭᠠᠷ ᠭᠠᠶᠢᠯᠢ ᠲᠤᠰᠢᠶᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠬᠡᠷᠡᠭᠯᠡᠭᠴᠢᠳ ᠲᠤ ᠦᠨᠡᠨᠴᠢ ᠢᠲᠡᠭᠡᠮᠵᠢᠲᠡᠢ ᠪᠠᠶᠢᠵᠤ᠂ ᠦᠢᠯᠡᠳᠬᠦᠨ ᠤ ᠠᠮᠤᠷ ᠲᠦᠪᠰᠢᠨ ᠡᠷᠡᠭᠦᠯ ᠮᠡᠨᠳᠤ ᠶᠢ ᠪᠠᠲᠤᠯᠠᠨ᠎ᠠ᠃ ᠬᠠᠩᠭᠠᠯᠭ᠎ᠠ ᠶᠢᠨ ᠬᠤᠳᠠᠯᠳᠤᠭᠠᠴᠢᠨ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠦᠨᠡᠨᠴᠢ ᠢᠲᠡᠭᠡᠮᠵᠢᠲᠡᠢ ᠪᠠᠶᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠠᠵᠢᠯᠲᠠᠳ ᠲᠠᠭᠠᠨ ᠦᠨᠡᠨᠴᠢ ᠢᠲᠡᠭᠡᠮᠵᠢᠲᠡᠢ ᠪᠠᠶᠢᠵᠤ᠂ ᠲᠡᠳᠡᠨ ᠳᠤ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ᠃    ᠲᠡᠷᠭᠡᠨ ᠳᠤ ᠠᠷᠠᠯ ᠦᠭᠡᠢ ᠪᠠᠶᠢᠵᠣ ᠦᠯᠦ ᠪᠣᠯᠣᠨᠠᠮ᠂ ᠬᠥᠮᠥᠨ ᠢᠲᠡᠭᠡᠯ ᠦᠭᠡᠢ ᠪᠠᠶᠢᠵᠣ ᠦᠯᠦ ᠪᠦᠳᠦᠨᠡᠮ᠂ ᠦᠢᠯᠡᠰ ᠢᠲᠡᠭᠡᠯ ᠦᠭᠡᠢ ᠪᠣᠯ ᠬᠥᠭᠵᠢᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠪᠢᠳᠠ ᠳᠡᠷᠭᠡᠳᠡᠬᠢ ᠪᠠᠭ᠎ᠠ ᠶᠠᠪᠤᠳᠠᠯ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ ᠠᠵᠢᠯ ᠠᠴᠠ ᠪᠠᠨ ᠭᠠᠷᠳᠠᠨ ᠦᠨᠡᠨᠴᠢ ᠢᠲᠡᠭᠡᠮᠵᠢᠲᠡᠢ ᠬᠤᠪᠢ ᠬᠥᠮᠥᠨ ᠪᠣᠯᠬᠤ ᠪᠠᠷ ᠴᠢᠷᠮᠠᠶᠢᠵᠤ᠂ ᠦᠨᠡᠨᠴᠢ ᠢᠲᠡᠭᠡᠮᠵᠢᠲᠡᠢ ᠰᠣᠶᠣᠯ ᠢ ᠬᠠᠮᠲᠤᠪᠠᠷ ᠪᠠᠶᠢᠭᠤᠯᠵᠤ᠂ ︽ᠦᠨᠡᠨᠴᠢ ᠢᠲᠡᠭᠡᠮᠵᠢᠲᠡᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ︾᠎ ᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠵᠠᠭᠠᠶ᠎ᠠ︕
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号