ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ︽ᠲᠣᠮᠣ ᠲᠥᠷᠥᠯ ᠵᠦᠢᠯ︾᠎ ᠤᠨ ᠪᠡᠷᠬᠡ ᠰᠡᠳᠦᠪ ᠢ ᠰᠢᠢᠳᠪᠦᠷᠢᠯᠡᠵᠦ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠠᠴᠠ ᠦᠷ᠎ᠡ ᠠᠰᠢᠭ ᠣᠯᠣᠨ᠎ᠠ
ᠨᠡᠶᠢᠲᠡᠯᠡᠭᠰᠡᠨ ᠴᠠᠭ᠄
2024/4/25
    ᠣᠶᠢᠷ᠎ᠠ ᠳᠤ᠂ ᠳᠤᠮᠳᠠᠳᠤ ᠤᠯᠤᠰ ᠤᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ︽ᠬᠤᠸᠠ ᠳ᠋ᠢᠶᠠᠨ ᠪᠤᠭᠤᠲᠤ ᠶᠢᠨ ᠹᠧᠩ ᠭᠤᠸᠠᠩ ᠤᠰᠤᠲᠥ᠋ᠷᠥᠭᠴᠢ ᠶᠢᠨ ᠨᠥᠭᠡᠴᠡ ᠶᠢᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠶᠢᠨ ᠣᠶᠤᠨ ᠢᠶᠠᠷ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ︾᠎ ᠤᠨ ᠲᠥᠷᠥᠯ ᠵᠦᠢᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠲᠤᠭᠰᠢᠪᠠ᠃ ᠠᠵᠤ ᠠᠬᠤᠶᠢᠯᠠᠯ ᠢ ᠪᠠᠷᠢᠯᠭ᠎ᠠ ᠶᠢᠨ ᠠᠵᠢᠯ ᠤᠨ ᠲᠠᠰ ᠳᠠᠷᠠᠭᠠᠯᠠᠯ ᠳᠤ ᠲᠦᠷᠭᠡᠨ ᠣᠷᠣᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠲᠡᠷᠡ ᠳᠠᠷᠤᠢ ᠳᠤᠨᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠵᠦᠪᠳᠡᠯᠴᠡᠨ᠂ ᠠᠵᠤ ᠠᠬᠤᠶᠢᠯᠠᠯ ᠳᠤ ᠲᠦᠷᠭᠡᠨ ︽ᠰᠠᠭᠠᠳ ᠦᠭᠡᠢ ᠨᠡᠪᠲᠡᠷᠡᠬᠦ ᠵᠠᠮ︾᠎ ᠢ ᠨᠡᠭᠡᠭᠡᠨ ᠥᠭᠴᠦ᠂ 24 ᠴᠠᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ᠂ ᠳᠠᠩᠰᠠᠯᠠᠭᠤᠯᠤᠭᠰᠠᠨ ᠮᠠᠲ᠋ᠧᠷᠢᠶᠠᠯ ᠢ ᠡᠮᠬᠢᠯᠡᠬᠦ ᠵᠡᠷᠭᠡ ᠪᠥᠬᠦ ᠶᠠᠪᠤᠴᠠ ᠳᠤ ᠬᠠᠪᠰᠤᠷᠤᠯᠭ᠎ᠠ ᠦᠵᠡᠭᠦᠯᠪᠡ᠃ ᠣᠳᠣᠬᠠᠨ ᠳᠤ᠂ ᠲᠣᠰ ᠠᠵᠤ ᠠᠬᠤᠶᠢᠯᠠᠯ ᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠠᠶᠢᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ︵ᠥᠪᠥᠷ ᠮᠣᠩᠭᠤᠯ︶᠎ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠨᠢᠭᠡᠨᠲᠡ ᠳᠠᠩᠰᠠᠯᠠᠭᠤᠯᠤᠨ ᠦᠨᠡᠮᠯᠡᠯ ᠣᠯᠭᠤᠬᠤ ᠶᠢ ᠪᠡᠶᠡᠯᠡᠭᠦᠯᠪᠡ᠃     ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠠᠭᠠᠳ ᠦᠭᠡᠢ ᠨᠡᠪᠲᠡᠷᠡᠬᠦ ᠵᠠᠮ︾᠎ ᠤᠨ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠵᠦ᠂ ︽ᠬᠠᠪᠰᠤᠷᠤᠨ ᠣᠷᠣᠯᠠᠨ ᠭᠦᠢᠴᠡᠳᠬᠡᠬᠦ︾ ᠳᠦᠷᠢᠮ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ︽ᠳᠤᠲᠠᠭᠤ ᠭᠦᠶᠦᠯᠭᠡᠵᠦ᠂ ᠰᠠᠶᠢᠨ ᠶᠠᠪᠤᠳᠠᠯ ᠬᠢᠯᠭᠡᠬᠦ ᠪᠠᠷ ᠴᠢᠷᠮᠠᠶᠢᠨ᠎ᠠ︾᠃ ᠡᠭᠦᠨ ᠤ ᠵᠡᠷᠭᠡ ᠳᠤ᠂ ︽ᠨᠢᠭᠡ ᠶᠠᠪᠤᠳᠠᠯ︾᠎ ᠤᠨ ᠬᠤᠷᠠᠮᠠᠯ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠴᠠ ᠪᠥᠬᠦ ᠬᠤᠲᠠ ᠶᠢᠨ ᠠᠩᠬᠠᠳᠠᠭᠴᠢ ︽ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠷᠠᠮᠠᠯ ᠦᠢᠯᠡᠴᠢᠯᠡᠭᠡᠨ ᠤ ᠲᠤᠰᠬᠠᠢ ᠣᠷᠣᠨ︾᠎ ᠢ ᠨᠡᠭᠡᠭᠡᠵᠦ᠂ ᠠᠯᠬᠤᠮ ᠳᠠᠷᠠᠭ᠎ᠠ ᠶᠢ ᠰᠢᠯᠢᠳᠡᠭᠵᠢᠭᠦᠯᠬᠦ᠂ ᠴᠢᠬᠤᠯᠠ ᠨᠥᠬᠦᠴᠡᠯ ᠢ ᠴᠣᠮᠬᠠᠳᠬᠠᠬᠤ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠳᠤᠮᠳᠠᠴᠢ ᠪᠠᠷ 46.8%᠎ ᠪᠠᠷ ᠪᠠᠭᠠᠰᠬᠠᠪᠠ᠃     ᠭᠦᠢᠴᠡᠳᠬᠡᠬᠦ ᠭᠤᠭᠴᠤᠭ᠎ᠠ ᠶᠢ ᠳᠤᠮᠳᠠᠴᠢ ᠪᠠᠷ 43%᠎ ᠪᠠᠷ ᠪᠠᠭᠠᠰᠬᠠᠵᠤ᠂ ᠭᠦᠶᠦᠬᠦ ᠤᠳᠠᠭ᠎ᠠ ᠶᠢ ᠳᠤᠮᠳᠠᠴᠢ ᠪᠠᠷ 83%᠎ ᠪᠠᠷ ᠪᠠᠭᠠᠰᠬᠠᠨ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠠᠷᠢᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠠ᠃     ᠪᠤᠭᠤᠲᠤ ᠶᠢᠨ ᠠᠨ ᠳ᠋ᠧ ᠰᠢᠨ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠦᠢᠯᠡᠳᠪᠦᠷᠢ ᠶᠢᠨ ᠪᠠᠶᠢᠰᠢᠩ ᠳᠤ᠂ ᠠᠵᠢᠯᠴᠢᠳ ᠶᠠᠭ ᠰᠠᠶᠢᠬᠠᠨ ᠲᠥᠬᠦᠭᠡᠷᠦᠮᠵᠢ ᠶᠢ ᠤᠭᠰᠠᠷᠠᠭᠤᠯᠤᠨ ᠲᠤᠷᠰᠢᠬᠤ ᠠᠵᠢᠯ ᠢ ᠪᠠᠴᠢᠮ ᠶᠠᠭᠠᠷᠠᠯᠲᠠᠢ ᠬᠢᠵᠦ ᠪᠠᠶᠢᠯ᠎ᠠ᠃
    ︽ᠬᠤᠪᠣᠷ ᠰᠢᠷᠣᠢ ᠶᠢᠨ ᠭᠠᠯ ᠳᠠᠭᠠᠭᠠᠮᠠᠭᠠᠢ ᠮᠠᠲ᠋ᠧᠷᠢᠶᠠᠯ ᠨᠢ ᠥᠨᠳᠥᠷ ᠬᠠᠯᠠᠭᠤᠨ ᠳᠤ ᠲᠡᠰᠪᠦᠷᠢᠲᠡᠢ᠂ ᠢᠳᠡᠭᠳᠡᠯ ᠳᠤ ᠲᠡᠰᠪᠦᠷᠢᠲᠡᠢ᠂ ᠡᠨᠧᠷᠭᠢ ᠠᠷᠪᠢᠯᠠᠬᠤ ᠵᠡᠷᠭᠡ ᠣᠨᠴᠠᠯᠢᠭ ᠲᠠᠢ ᠪᠠᠶᠢᠵᠤ᠂ ᠵᠠᠬ᠎ᠠ ᠳᠡᠯᠭᠡᠭᠦᠷ ᠤᠨ ᠬᠡᠲᠦ  ᠎ ᠶᠢᠨ ᠲᠥᠯᠥᠪ ᠥᠷᠭᠡᠨ ᠠᠭᠤᠳᠠᠮ ᠪᠠᠶᠢᠨ᠎ᠠ᠃ ᠣᠳᠣᠬᠠᠨ ᠳᠤ ᠪᠢᠳᠡ ᠶᠠᠭ 6 ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠪᠠᠨ ᠱᠠᠯᠠᠪᠳᠠᠨ ᠬᠢᠵᠦ ᠪᠠᠶᠢᠨ᠎ᠠ᠂ ᠵᠢᠱᠢᠯᠲᠡ ᠪᠠᠷ 6 ᠰᠠᠷ᠎ᠠ ᠳᠤ ᠵᠢᠩᠬᠢᠨᠢ ᠪᠠᠷ ᠦᠢᠯᠡᠳᠪᠦᠷᠢᠯᠡᠯ ᠳᠤ ᠣᠷᠣᠭᠤᠯᠬᠤ ᠪᠣᠯᠣᠨ᠎ᠠ︾᠃     ᠭᠦᠨ ᠬᠠᠭᠠᠯᠪᠤᠷᠢᠯᠠᠵᠤ ᠭᠢᠯᠠᠶᠢᠯᠭᠠᠬᠤ ᠨᠤᠨᠳᠠᠭ ᠠᠴᠠ ᠭᠢᠯᠠᠶᠢᠯᠭᠠᠬᠤ ᠹᠢᠯᠢᠮ ᠢ ᠰᠤᠳᠤᠯᠤᠨ ᠦᠢᠯᠡᠳᠪᠦᠷᠢᠯᠡᠬᠦ ᠬᠦᠷᠲᠡᠯ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠡᠷᠦᠬᠡ ᠠᠮᠠ ᠣᠷᠣᠭᠰᠠᠨ ᠠᠴᠠ ᠨᠠᠰᠢ᠂ ᠪᠤᠭᠤᠲᠤ ᠶᠢᠨ ᠵᠦᠩ ᠺᠧ ᠢᠦᠢ ᠬᠠᠩ ᠭᠢᠯᠠᠶᠢᠯᠭᠠᠬᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠬᠦᠨ ᠲᠠᠰᠤᠷᠠᠯᠲᠠ ᠦᠭᠡᠢ ᠳᠡᠭᠡᠳᠦ ᠲᠦᠪᠰᠢᠨ ᠳᠤ ᠬᠦᠷᠴᠡᠢ᠃
    ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠪᠠᠰᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠴᠢᠩᠭᠠᠳᠬᠠᠵᠤ᠂ ᠦᠢᠯᠡᠳᠬᠦᠨ ᠤ ᠳᠣᠣᠷᠠᠳᠤ ᠤᠷᠤᠰᠬᠠᠯ ᠳᠠᠰᠢ ᠲᠠᠰᠤᠷᠠᠯᠲᠠ ᠦᠭᠡᠢ ᠥᠷᠭᠡᠵᠢᠬᠦ ᠶᠢ ᠲᠦᠯᠬᠢᠨ ᠠᠬᠢᠭᠤᠯᠬᠤ ᠬᠡᠷᠡᠭᠲᠡᠢ᠂ ᠡᠨᠡ ᠬᠤᠭᠤᠴᠠᠭᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠶᠠᠭ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢ ᠬᠠᠪᠰᠤᠷᠤᠨ ᠵᠣᠯᠭᠠᠭᠤᠯᠵᠤ᠂ ᠺᠣᠮᠫᠠᠨᠢ ᠳᠤ ᠠᠺᠠᠳᠧᠮᠢᠴᠢ ᠶᠢᠨ ᠠᠵᠢᠯ ᠤᠨ ᠥᠷᠲᠡᠭᠡ ᠪᠠᠶᠢᠭᠤᠯᠵᠤ᠂ ᠺᠣᠮᠫᠠᠨᠢ ᠶᠢᠨ ᠦᠢᠯᠡᠳᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠪᠡᠯᠡᠳᠬᠡᠵᠦ ᠪᠠᠶᠢᠨ᠎ᠠ︾ ᠭᠡᠵᠡᠢ᠃
    ᠡᠨᠡ ᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠤᠷᠢᠳᠴᠢᠯᠠᠨ ᠡᠮᠬᠢᠯᠡᠵᠦ᠂ ᠬᠤᠪᠢᠳᠠᠨ ᠬᠠᠮᠢᠶᠠᠷᠴᠤ ᠪᠦᠬᠦᠢ ᠠᠵᠢᠯ ᠲᠥᠷᠥᠯ ᠤᠨ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠦᠬᠦᠢ ᠲᠥᠷᠥᠯ ᠵᠦᠢᠯ ᠤᠨ ᠤᠳᠤᠷᠢᠳᠤᠯᠭ᠎ᠠ ᠶᠢᠨ ᠬᠤᠣᠰ ᠲᠣᠬᠢᠷᠠᠭᠤᠯᠤᠯᠲᠠ᠂ ᠭᠠᠷᠠᠭ ᠤᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠵᠤ᠂ ᠡᠯ᠎ᠡ ᠵᠦᠢᠯ ᠤᠨ ᠭᠠᠷᠳᠠᠮ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠢᠷᠡᠬᠦ ᠶᠢ ᠬᠦᠯᠢᠶᠡᠵᠦ ᠰᠠᠭᠤᠵᠤ ᠪᠣᠯᠬᠤ ᠦᠭᠡᠢ᠂ ᠬᠠᠷᠢᠨ ᠠᠵᠤ ᠠᠬᠤᠶᠢᠯᠠᠯ ᠢ ᠰᠢᠮᠳᠠᠭᠤᠯᠤᠨ ᠤᠷᠤᠭᠰᠢ ᠳᠠᠪᠰᠢᠭᠤᠯᠵᠤ᠂ ᠠᠵᠤ ᠠᠬᠤᠶᠢᠯᠠᠯ ᠳᠤ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠭᠡᠵᠣ ᠪᠠᠶᠢᠨ᠎ᠠ᠃     ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠢᠵᠢᠯᠢ ᠠᠯᠬᠤᠮ ᠢᠶᠠᠷ ᠲᠠᠲᠠᠪᠤᠷᠢᠯᠠᠨ ᠨᠤᠷᠠᠭᠠᠵᠤ᠂ ᠢᠵᠢᠯᠢ ᠠᠯᠬᠤᠮ ᠢᠶᠠᠷ ᠭᠠᠵᠠᠷ ᠰᠢᠷᠣᠢ  ᠶᠢ ᠵᠥᠪᠰᠢᠶᠡᠷᠡᠭᠦᠯᠬᠦ᠂ ᠢᠵᠢᠯᠢ ᠠᠯᠬᠤᠮ ᠢᠶᠠᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ᠂ ᠢᠵᠢᠯᠢ ᠠᠯᠬᠤᠮ ᠢᠶᠠᠷ ᠬᠤᠳᠠᠯᠳᠤᠭᠠᠴᠢᠨ ᠤᠷᠢᠬᠤ ︽ᠳᠥᠷᠪᠡᠨ ᠢᠵᠢᠯᠢ ᠠᠯᠬᠤᠮ︾᠎ ᠤᠨ ᠵᠠᠷᠴᠢᠮ ᠶᠣᠰᠣᠭᠠᠷ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ  ᠶᠢ ᠡᠨᠡ ᠵᠢᠯ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠬᠦᠴᠦᠷᠬᠡᠭ ᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠢ ᠪᠦᠬᠦᠨ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠳᠣᠭᠰᠢᠭᠤᠯᠬᠤ ᠪᠠᠷ ᠴᠢᠷᠮᠠᠶᠢᠵᠤ᠂ ᠸᠧ ᠯᠦᠩ ᠴᠠᠬᠢᠯᠭᠠᠨ ᠬᠥᠳᠡᠯᠭᠡᠭᠦᠷ᠂ ᠡᠾᠦ᠋ᠢ ᠴᠤᠸᠠᠨ ᠮᠡᠷᠭᠡᠵᠢᠯ ᠵᠡᠷᠭᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠦᠷᠦᠯ ᠵᠦᠢᠯ ᠢ 30᠎ ᠠᠴᠠ ᠳᠡᠭᠡᠭᠰᠢ  ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠳᠤᠭᠠᠷ ᠴᠠᠭᠠᠷᠢᠭ᠂ ᠭᠤᠸᠠᠩ ᠱᠧᠩ ᠶᠢᠦ ᠰᠧ ᠵᠡᠷᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠢ 15᠎ ᠠᠴᠠ ᠳᠡᠭᠡᠭᠰᠢ ᠣᠷᠣᠭᠤᠯᠤᠨ ᠠᠪᠴᠢᠷᠠᠵᠤ᠂ ᠴᠦᠩᠴᠢᠩ ᠤᠨ ᠵᠢᠶᠠᠨ ᠴᠤᠸᠠᠩ ᠵᠡᠷᠭᠡ 54 ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ ᠲᠦᠷᠭᠡᠨ ᠭᠠᠷ ᠤᠨ ᠦᠰᠦᠭ ᠵᠢᠷᠤᠬᠤ ᠶᠢ ᠲᠦᠷᠭᠡᠳᠬᠡᠨ᠎ᠡ᠃ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠬᠦᠴᠦᠷᠬᠡᠭ ᠶᠡᠭᠡ ᠨᠡᠶᠢᠯᠡᠮᠡᠯ ᠬᠦᠴᠦᠨ ᠢ ᠲᠦᠷᠭᠡᠳᠬᠡᠨ ᠬᠤᠷᠠᠮᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 20 ᠰᠠᠯᠪᠤᠷᠢ ᠪᠠᠭ᠎ᠠ ᠠᠩᠭᠢ ᠶᠢᠨ ᠬᠦᠴᠦᠨ ᠴᠢᠳᠠᠯ ᠪᠠ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠪᠠᠷ ᠳᠠᠮᠵᠢᠭᠤᠯᠤᠨ ᠳᠡᠭᠡᠳᠦ ᠳᠣᠣᠷᠠᠳᠤ ᠤᠷᠤᠰᠬᠠᠯ ᠤᠨ ᠤᠷᠲᠤᠳᠬᠠᠭᠰᠠᠨ᠂ ᠵᠡᠭᠦᠨ ᠪᠠᠷᠠᠭᠤᠨ ᠲᠠᠯ᠎ᠠ ᠶᠢᠨ ᠢᠵᠢ ᠪᠦᠷᠢᠳᠦᠭᠰᠡᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠤᠨ ᠴᠤᠭᠯᠠᠷᠠᠨ ᠬᠥᠭᠵᠢᠬᠦ ᠶᠢ ᠲᠠᠲᠠᠬᠤ ᠬᠡᠷᠡᠭᠲᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号