ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠡ᠄ | ︽ᠡᠷᠲᠡᠨ ᠠᠴᠠ ᠠᠪᠤᠭᠠᠳ ᠦᠭᠦᠵᠣ ᠲᠦᠷᠦᠭᠦ ᠬᠡᠮᠡᠭᠴᠢ ᠶᠢᠷᠳᠢᠨᠴᠣ ᠶᠢᠨ ᠵᠢᠮ᠎ᠠ᠂ ᠬᠥᠮᠥᠨ ᠢᠲᠡᠭᠡᠯ ᠦᠭᠡᠢ | ᠪᠣᠯᠪᠠᠰᠤ ᠲᠣᠭᠲᠠᠵᠤ ᠦᠯᠦ ᠴᠢᠳᠠᠮᠤᠢ᠃︾ ᠦᠨᠡᠨᠴᠢ ᠢᠲᠡᠭᠡᠮᠵᠢᠲᠡᠢ ᠪᠠᠶᠢᠬᠤ ᠪᠣᠯ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢᠨ ᠴᠢᠬᠤᠯᠠ ᠠᠭᠤᠯᠭ᠎ᠠ ᠮᠥᠨ᠂ ᠬᠤᠪᠢ ᠬᠥᠮᠥᠨ ᠤ ᠣᠷᠣᠰᠢᠨ | ᠲᠣᠭᠲᠠᠨᠢᠬᠤ ᠶᠢᠨ ᠦᠨᠳᠦᠰᠦ᠂ ᠨᠡᠶᠢᠭᠡᠮ ᠤᠨ ᠬᠥᠭᠵᠢᠯᠲᠡ ᠶᠢᠨ ᠰᠠᠭᠤᠷᠢ᠂ ᠬᠤᠳᠠ ᠶᠢᠨ ᠪᠣᠯᠪᠠᠰᠤᠨ ᠤ ᠰᠦᠭ | ᠰᠦᠨᠡᠰᠦ ᠮᠥᠨ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠬᠤ᠂ ᠤᠷᠳᠤ ᠬᠤᠭᠤᠴᠠᠭ᠎ᠠ ᠪᠠᠷ | ᠪᠦᠲᠦᠮᠵᠢᠲᠡᠢ ᠪᠠᠶᠢᠯᠭᠠᠬᠤ ᠶᠢ ᠬᠦᠴᠦᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠪᠠᠳᠠᠷᠠᠭᠤᠯᠵᠤ᠂ ᠠᠮᠠᠯᠠᠯᠲᠠ ᠪᠠᠨ ᠪᠡᠶᠡᠯᠡᠭᠦᠯᠬᠦ ᠶᠢ ᠦᠷᠨᠢᠭᠦᠯᠦᠨ ᠦᠨᠡᠨᠴᠢ ᠰᠢᠳᠤᠷᠭᠤ᠂ ᠢᠲᠡᠭᠡᠯ ᠲᠠᠢ᠂ | ᠪᠡᠶ᠎ᠡ ᠪᠠᠨ ᠱᠠᠭᠠᠷᠳᠠᠬᠤ᠂ ᠬᠠᠷᠢᠯᠴᠠᠨ ᠢᠲᠡᠭᠡᠯᠴᠡᠬᠦ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠢ | ᠪᠣᠯᠭᠠᠬᠤ ᠶᠢᠨ ᠲᠥᠯᠥᠭᠡ᠂ ᠠᠳᠡ ᠪᠢᠳᠡ ᠳᠣᠣᠷᠠᠬᠢ ᠮᠡᠲᠦ ᠶᠢ ᠰᠠᠨᠠᠭᠠᠴᠢᠠᠯᠠᠶᠠ᠄ | 1. ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ | ᠢᠲᠡᠭᠡᠮᠵᠢ ᠶᠢᠨ ᠦᠢᠯᠡᠴᠢᠯᠡᠭᠡᠨ ᠤ ᠦᠵᠡᠯᠲᠡ ᠶᠢ ᠪᠠᠲᠤ ᠪᠣᠶ ᠪᠣᠯᠭᠠᠨ᠎ᠠ᠃ ᠵᠠᠰᠠᠭ ᠤᠨ ᠣᠷᠳᠣᠨ ᠤ ᠠᠮᠠᠯᠠᠯᠲᠠ ᠪᠠᠨ | ᠦᠨᠡᠨ ᠬᠦ ᠪᠡᠶᠡᠯᠡᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠦᠨᠡᠨᠴᠢ ᠢᠲᠡᠭᠡᠮᠵᠢᠲᠡᠢ | ᠪᠠᠶᠢᠬᠤ ᠵᠠᠷᠴᠢᠮ ᠢ ᠬᠠᠮᠢᠶᠠᠷᠤᠯᠲᠠ᠂ ᠬᠢᠨᠠᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠦᠬᠦ | ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠵᠤ᠂ ᠢᠯᠡ ᠲᠣᠳᠣ ᠵᠠᠰᠠᠭ ᠤᠨ ᠶᠠᠪᠤᠳᠠᠯ ᠢ ᠰᠠᠨᠠᠭᠠᠴᠢᠯᠠᠨ᠂ | ᠨᠠᠮ ᠤᠨ ᠶᠠᠪᠤᠳᠠᠯ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ | ᠭᠤᠭᠴᠤᠭ᠎ᠠ ᠶᠢ ᠳᠥᠭᠦᠮᠴᠢᠯᠡᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠭᠠᠷᠳᠠᠮ | ᠲᠥᠬᠦᠮ᠂ ᠴᠠᠭ ᠲᠦᠷᠭᠡᠨ᠂ ᠦᠢᠯᠡᠴᠢᠯᠡᠭᠡ ᠴᠢᠨᠠᠷ ᠰᠠᠶᠢᠲᠠᠢ᠂ ᠥᠪᠡᠷ ᠤᠨ ᠥᠷᠲᠡᠭ ᠢ ᠠᠷᠪᠢᠯᠠᠬᠤ ᠪᠠ | ᠦᠢᠯᠡᠴᠢᠯᠡᠬᠦ ᠶᠠᠪᠤᠴᠠ ᠳᠤ ᠬᠠᠷᠰᠢ ᠰᠠᠭᠠᠳ ᠦᠭᠡᠢ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠵᠠᠢ ᠵᠠᠪᠰᠠᠷ ᠦᠭᠡᠢ᠂ | ᠦᠢᠯᠡᠴᠢᠯᠡᠭᠡᠨ ᠤ ᠶᠠᠰᠤ ᠴᠢᠨᠠᠷ ᠲᠤ ᠳᠤᠲᠠᠭᠳᠠᠯ ᠦᠭᠡᠢ᠂ ᠦᠢᠯᠡᠴᠢᠯᠡᠭᠡᠨ ᠤ ᠵᠦᠢᠯᠡᠰ ᠲᠤ ᠳᠠᠷᠤᠭᠳᠠᠯ ᠦᠭᠡᠢ᠂ | ᠦᠢᠯᠡᠴᠢᠯᠡᠭᠡᠨ ᠤ ᠬᠦᠴᠦᠨ ᠴᠢᠳᠠᠪᠤᠷᠢ ᠳᠤ ᠵᠠᠭᠠᠯᠳᠤᠯᠭ᠎ᠠ ᠭᠠᠷᠭᠠᠬᠤ ᠦᠭᠡᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠴᠢᠨ ᠲᠣᠭᠤᠷᠢᠨ ᠢ ᠢᠳᠡᠪᠬᠢᠲᠡᠢ ᠪᠠᠷ ᠪᠣᠶ ᠪᠣᠯᠭᠠᠶ᠎ᠠ᠃ | 2. ᠦᠨᠡᠨᠴᠢ ᠢᠲᠡᠭᠡᠮᠵᠢᠲᠡᠢ ᠪᠠᠷ ᠬᠥᠮᠥᠨ ᠳᠤ ᠬᠠᠨᠳᠤᠬᠤ ᠤᠬᠠᠮᠰᠠᠷ ᠢ ᠪᠣᠶ ᠪᠣᠯᠭᠠᠵᠤ᠂ ᠨᠡᠶᠢᠭᠡᠮ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠨᠡᠨᠴᠢ ᠬᠡᠮᠡᠭᠴᠢ ᠲᠡᠭᠷᠢ ᠶᠢᠨ ᠶᠣᠰᠣᠨ ᠪᠤᠯᠠᠢ᠃ ᠦᠨᠡᠨᠴᠢ | ᠪᠤᠳᠤᠯ ᠪᠣᠯᠪᠠᠰᠤ ᠬᠥᠮᠥᠨ ᠤ ᠶᠣᠰᠣ ᠪᠤᠯᠠᠢ᠃ ᠦᠨᠡᠨᠴᠢ ᠢᠲᠡᠭᠡᠮᠵᠢᠲᠡᠢ ᠬᠥᠮᠥᠨ᠂ ᠦᠨᠡᠨᠴᠢ ᠰᠢᠳᠤᠷᠭᠤ ᠦᠭᠡ | ᠶᠠᠷᠢᠶ᠎ᠠ ᠦᠶᠯᠡ ᠠᠵᠢᠯᠯᠠᠭ᠎ᠠ ᠪᠠᠨ ᠨᠢᠭᠡᠳᠬᠡᠵᠦ᠂ ᠠᠮᠠᠯᠠᠯᠲᠠ ᠪᠠᠨ ᠬᠢᠴᠢᠶᠡᠩᠭᠦᠶᠢᠯᠡᠨ ᠰᠠᠬᠢᠵᠤ᠂ ᠦᠨᠡᠨᠴᠢ ᠪᠠᠷ | ᠬᠠᠨᠳᠤᠵᠤ᠂ ᠬᠤᠳᠠᠯ ᠬᠠᠭᠤᠷᠮᠠᠭ ᠪᠢᠰᠢ᠂ ᠬᠠᠭᠤᠷᠴᠤ ᠮᠡᠬᠡᠯᠡᠬᠦ ᠦᠭᠡᠢ ᠪᠠᠶᠢᠬᠤ ᠬᠡᠷᠡᠭᠲᠡᠢ ᠃ ᠦᠨᠡᠨᠴᠢ | ᠢᠲᠡᠭᠡᠮᠵᠢᠲᠡᠢ ᠪᠠᠷ ᠤᠴᠢᠷ ᠶᠠᠪᠤᠳᠠᠯ ᠢ ᠰᠢᠢᠳᠪᠦᠷᠢᠯᠡᠵᠦ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠳ᠋ᠦᠩ ᠲᠠᠢ᠂ | ᠬᠡᠲᠦᠷᠡᠭᠦᠯᠪᠡᠯ ᠵᠠᠯᠠᠷᠠᠭᠤᠯᠵᠤ ᠴᠢᠳᠠᠨ᠎ᠠ᠂ ᠬᠤᠳᠠᠯ ᠬᠡᠯᠡᠬᠦ ᠦᠭᠡᠢ᠂ ᠪᠣᠳᠠᠲᠤ ᠬᠡᠷᠡᠭ ᠤᠨ ᠦᠨᠡᠨ ᠪᠠᠶᠢᠳᠠᠯ ᠢ ᠨᠢᠭᠤᠨ | ᠳᠠᠯᠳᠠᠯᠠᠬᠤ ᠦᠭᠡᠢ᠂ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ᠃ ᠦᠨᠡᠨᠴᠢ ᠢᠲᠡᠭᠡᠮᠵᠢᠲᠡᠢ ᠪᠠᠷ | ᠡᠷᠳᠡᠮ ᠮᠡᠳᠡᠯᠭᠡ ᠰᠤᠷᠴᠤ᠂ ᠰᠢᠨᠵᠢᠯᠡᠬᠦ ᠤᠬᠠᠭᠠᠨ ᠢ ᠡᠷᠬᠢᠮᠯᠡᠨ᠂ ᠵᠢᠮ᠎ᠡ ᠶᠣᠰᠣ ᠶᠢ ᠬᠦᠨᠳᠦᠳᠬᠡᠵᠦ᠂ ᠦᠨᠡᠨ | ᠶᠣᠰᠣ ᠶᠢ ᠡᠷᠢᠯᠬᠢᠯᠡᠨ᠂ ᠦᠨᠡᠨ ᠠᠴᠠ ᠵᠥᠪ ᠢ ᠡᠷᠢᠵᠦ᠂ ᠭᠡᠮ ᠬᠢᠬᠦ ᠦᠭᠡᠢ᠂ ᠬᠠᠭᠤᠯᠬᠤ ᠦᠭᠡᠢ᠂ ᠬᠠᠷᠢᠭᠤᠴᠠᠯᠭ᠎ᠠ | ᠦᠭᠡᠢ ᠦᠭᠡ ᠶᠠᠷᠢᠶ᠎ᠠ ᠶᠢ ᠲᠠᠷᠬᠠᠭᠠᠬᠤ ᠦᠭᠡᠢ᠂ ᠶᠠᠮᠠᠷᠪᠠ ᠬᠡᠪᠯᠡᠯ ᠬᠤᠯᠠᠭᠠᠶᠢᠯᠠᠨ ᠠᠰᠢᠭ ᠬᠤᠨᠵᠢᠪᠤᠷᠢ ᠣᠯᠬᠤ | ᠠᠵᠢᠯᠯᠠᠭ᠎ᠠ ᠶᠢ ᠤᠬᠠᠭᠤᠯᠬᠤ ᠦᠭᠡᠢ᠃ | 3. ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠨᠣᠯᠵᠢᠬᠤᠨ ᠢ ᠪᠠᠲᠤ ᠰᠠᠬᠢᠵᠤ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠬᠦᠨᠳᠡᠵᠦ | ᠪᠣᠯᠬᠤ ᠦᠭᠡᠢ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠳᠠᠪᠠᠵᠤ ᠪᠣᠯᠬᠤ ᠦᠭᠡᠢ ᠭᠡᠳᠡᠭ ᠢ ᠪᠠᠲᠤ ᠴᠡᠭᠡᠵᠢᠯᠡᠵᠦ | ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠦᠨᠡᠨᠴᠢ ᠢᠲᠡᠭᠡᠮᠵᠢᠲᠡᠢ | ᠡᠵᠡᠩᠨᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠳᠤ ᠦᠨᠡᠨᠴᠢ ᠢᠲᠡᠭᠡᠮᠵᠢᠲᠡᠢ | ᠪᠠᠶᠢᠬᠤ᠂ ᠳᠦᠷᠢᠮ ᠶᠣᠰᠣᠭᠠᠷ ᠭᠠᠶᠢᠯᠢ ᠲᠤᠰᠢᠶᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠶᠢ | ᠪᠡᠶᠡᠯᠡᠭᠦᠯᠬᠦ ᠬᠡᠷᠡᠭᠲᠡᠢ᠃ ᠬᠡᠷᠡᠭᠯᠡᠭᠴᠢᠳ ᠲᠤ ᠦᠨᠡᠨᠴᠢ ᠢᠲᠡᠭᠡᠮᠵᠢᠲᠡᠢ ᠪᠠᠶᠢᠵᠤ᠂ ᠦᠢᠯᠡᠳᠬᠦᠨ ᠤ ᠠᠮᠤᠷ ᠲᠦᠪᠰᠢᠨ | ᠡᠷᠡᠭᠦᠯ ᠮᠡᠨᠳᠤ ᠶᠢ ᠪᠠᠲᠤᠯᠠᠨ᠎ᠠ᠃ ᠬᠠᠩᠭᠠᠯᠭ᠎ᠠ ᠶᠢᠨ ᠬᠤᠳᠠᠯᠳᠤᠭᠠᠴᠢᠨ᠂ ᠡᠵᠡᠩᠨᠡᠨ ᠪᠣᠷᠣᠯᠠᠭᠤᠯᠬᠤ | ᠬᠤᠳᠠᠯᠳᠤᠭᠠᠴᠢᠨ ᠳᠤ ᠦᠨᠡᠨᠴᠢ ᠢᠲᠡᠭᠡᠮᠵᠢᠲᠡᠢ ᠪᠠᠶᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ᠃ ᠠᠵᠢᠯᠲᠠᠳ ᠲᠠᠭᠠᠨ ᠦᠨᠡᠨᠴᠢ ᠢᠲᠡᠭᠡᠮᠵᠢᠲᠡᠢ ᠪᠠᠶᠢᠵᠤ᠂ ᠲᠡᠳᠡᠨ ᠳᠤ ᠠᠵᠤ ᠠᠬᠤᠶᠢᠯᠠᠯ ᠤᠨ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ᠃ | ᠲᠡᠷᠭᠡᠨ ᠳᠤ ᠠᠷᠠᠯ ᠦᠭᠡᠢ ᠪᠠᠶᠢᠵᠣ ᠦᠯᠦ ᠪᠣᠯᠣᠨᠠᠮ᠂ ᠬᠥᠮᠥᠨ ᠢᠲᠡᠭᠡᠯ ᠦᠭᠡᠢ ᠪᠠᠶᠢᠵᠣ ᠦᠯᠦ ᠪᠦᠳᠦᠨᠡᠮ᠂ | ᠦᠢᠯᠡᠰ ᠢᠲᠡᠭᠡᠯ ᠦᠭᠡᠢ ᠪᠣᠯ ᠬᠥᠭᠵᠢᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ | ᠴᠢᠳᠠᠬᠤ ᠦᠭᠡᠢ᠃ ᠪᠢᠳᠠ ᠳᠡᠷᠭᠡᠳᠡᠬᠢ ᠪᠠᠭ᠎ᠠ ᠶᠠᠪᠤᠳᠠᠯ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ | ᠠᠵᠢᠯ ᠠᠴᠠ ᠪᠠᠨ ᠭᠠᠷᠳᠠᠨ ᠦᠨᠡᠨᠴᠢ ᠢᠲᠡᠭᠡᠮᠵᠢᠲᠡᠢ ᠬᠤᠪᠢ ᠬᠥᠮᠥᠨ ᠪᠣᠯᠬᠤ ᠪᠠᠷ ᠴᠢᠷᠮᠠᠶᠢᠵᠤ᠂ ᠦᠨᠡᠨᠴᠢ | ᠢᠲᠡᠭᠡᠮᠵᠢᠲᠡᠢ ᠰᠣᠶᠣᠯ ᠢ ᠬᠠᠮᠲᠤᠪᠠᠷ ᠪᠠᠶᠢᠭᠤᠯᠵᠤ᠂ ︽ᠦᠨᠡᠨᠴᠢ ᠢᠲᠡᠭᠡᠮᠵᠢᠲᠡᠢ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ︾ ᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠤᠢ | ᠪᠣᠯᠭᠠᠵᠠᠭᠠᠶᠠ︕ | |