ᠣᠶᠢᠷ᠎ᠠ ᠳᠤ᠂ ᠳᠤᠮᠳᠠᠳᠤ ᠤᠯᠤᠰ ᠤᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ︽ | ᠬᠤᠸᠠ ᠳ᠋ᠢᠶᠠᠨ ᠪᠤᠭᠤᠲᠤ ᠶᠢᠨ ᠹᠧᠩ ᠭᠤᠸᠠᠩ ᠤᠰᠤᠲᠥ᠋ᠷᠥᠭᠴᠢ ᠶᠢᠨ ᠨᠥᠭᠡᠴᠡ ᠶᠢᠨ ᠳᠡᠭᠡᠳᠦ ᠲᠠᠰ ᠤᠨ ᠲᠣᠨᠤᠭ | ᠲᠥᠬᠦᠭᠡᠷᠦᠮᠵᠢ ᠶᠢᠨ ᠣᠶᠤᠨ ᠢᠶᠠᠷ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ︾ ᠤᠨ ᠲᠥᠷᠥᠯ ᠵᠦᠢᠯ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠲᠤᠭᠰᠢᠪᠠ᠃ ᠠᠵᠤ ᠠᠬᠤᠶᠢᠯᠠᠯ ᠢ | ᠪᠠᠷᠢᠯᠭ᠎ᠠ ᠶᠢᠨ ᠠᠵᠢᠯ ᠤᠨ ᠲᠠᠰ ᠳᠠᠷᠠᠭᠠᠯᠠᠯ ᠳᠤ ᠲᠦᠷᠭᠡᠨ ᠣᠷᠣᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠲᠡᠷᠡ ᠳᠠᠷᠤᠢ ᠳᠤᠨᠢ | ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠵᠦᠪᠳᠡᠯᠴᠡᠨ᠂ ᠠᠵᠤ ᠠᠬᠤᠶᠢᠯᠠᠯ ᠳᠤ ᠲᠦᠷᠭᠡᠨ ︽ | ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠨ ᠥᠭᠴᠦ᠂ 24 ᠴᠠᠭ ᠤᠨ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠠᠵᠤ ᠠᠬᠤᠶᠢᠯᠠᠯ ᠤᠨ ᠨᠡᠷᠡᠶᠢᠳᠦᠯ ᠢ ᠬᠢᠨᠠᠨ | ᠵᠥᠪᠰᠢᠶᠡᠷᠡᠬᠦ᠂ ᠳᠠᠩᠰᠠᠯᠠᠭᠤᠯᠤᠭᠰᠠᠨ ᠮᠠᠲ᠋ᠧᠷᠢᠶᠠᠯ ᠢ ᠡᠮᠬᠢᠯᠡᠬᠦ ᠵᠡᠷᠭᠡ ᠪᠥᠬᠦ ᠶᠠᠪᠤᠴᠠ ᠳᠤ ᠬᠠᠪᠰᠤᠷᠤᠯᠭ᠎ᠠ | ᠦᠵᠡᠭᠦᠯᠪᠡ᠃ ᠣᠳᠣᠬᠠᠨ ᠳᠤ᠂ ᠲᠣᠰ ᠠᠵᠤ ᠠᠬᠤᠶᠢᠯᠠᠯ ᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠳᠤ ᠪᠠᠶᠢᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ︵ᠥᠪᠥᠷ | ᠮᠣᠩᠭᠤᠯ︶ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠨᠢᠭᠡᠨᠲᠡ | ᠳᠠᠩᠰᠠᠯᠠᠭᠤᠯᠤᠨ ᠦᠨᠡᠮᠯᠡᠯ ᠣᠯᠭᠤᠬᠤ ᠶᠢ ᠪᠡᠶᠡᠯᠡᠭᠦᠯᠪᠡ᠃ | ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠠᠭᠠᠳ ᠦᠭᠡᠢ ᠨᠡᠪᠲᠡᠷᠡᠬᠦ ᠵᠠᠮ︾ ᠤᠨ | ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠵᠦ᠂ ︽ᠬᠠᠪᠰᠤᠷᠤᠨ ᠣᠷᠣᠯᠠᠨ ᠭᠦᠢᠴᠡᠳᠬᠡᠬᠦ︾ ᠳᠦᠷᠢᠮ ᠢ | ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ︽ᠳᠤᠲᠠᠭᠤ ᠭᠦᠶᠦᠯᠭᠡᠵᠦ᠂ ᠰᠠᠶᠢᠨ | ᠶᠠᠪᠤᠳᠠᠯ ᠬᠢᠯᠭᠡᠬᠦ ᠪᠠᠷ ᠴᠢᠷᠮᠠᠶᠢᠨ᠎ᠠ︾᠃ ᠡᠭᠦᠨ ᠤ ᠵᠡᠷᠭᠡ ᠳᠤ᠂ ︽ᠨᠢᠭᠡ ᠶᠠᠪᠤᠳᠠᠯ︾ ᠤᠨ ᠬᠤᠷᠠᠮᠠᠯ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠠᠴᠠ ᠪᠥᠬᠦ ᠬᠤᠲᠠ ᠶᠢᠨ ᠠᠩᠬᠠᠳᠠᠭᠴᠢ ︽ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ | ᠬᠤᠷᠠᠮᠠᠯ ᠦᠢᠯᠡᠴᠢᠯᠡᠭᠡᠨ ᠤ ᠲᠤᠰᠬᠠᠢ ᠣᠷᠣᠨ︾ ᠢ ᠨᠡᠭᠡᠭᠡᠵᠦ᠂ ᠠᠯᠬᠤᠮ ᠳᠠᠷᠠᠭ᠎ᠠ ᠶᠢ ᠰᠢᠯᠢᠳᠡᠭᠵᠢᠭᠦᠯᠬᠦ᠂ ᠴᠢᠬᠤᠯᠠ | ᠨᠥᠬᠦᠴᠡᠯ ᠢ ᠴᠣᠮᠬᠠᠳᠬᠠᠬᠤ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠳᠤᠮᠳᠠᠴᠢ ᠪᠠᠷ 46. | 8% ᠪᠠᠷ ᠪᠠᠭᠠᠰᠬᠠᠪᠠ᠃ | ᠭᠦᠢᠴᠡᠳᠬᠡᠬᠦ ᠭᠤᠭᠴᠤᠭ᠎ᠠ ᠶᠢ ᠳᠤᠮᠳᠠᠴᠢ ᠪᠠᠷ 43% ᠪᠠᠷ ᠪᠠᠭᠠᠰᠬᠠᠵᠤ᠂ ᠭᠦᠶᠦᠬᠦ ᠤᠳᠠᠭ᠎ᠠ ᠶᠢ | ᠳᠤᠮᠳᠠᠴᠢ ᠪᠠᠷ 83% ᠪᠠᠷ ᠪᠠᠭᠠᠰᠬᠠᠨ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ | ᠬᠦᠴᠢᠷᠳᠡᠯ ᠢ ᠠᠷᠢᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠡᠰ | ᠳᠡᠪᠰᠢᠭᠦᠯᠬᠦ ᠶᠢ ᠠᠬᠢᠭᠤᠯᠪᠠ᠃ | ᠪᠤᠭᠤᠲᠤ ᠶᠢᠨ ᠠᠨ ᠳ᠋ᠧ ᠰᠢᠨ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠰᠢᠨ᠎ᠡ | ᠦᠢᠯᠡᠳᠪᠦᠷᠢ ᠶᠢᠨ ᠪᠠᠶᠢᠰᠢᠩ ᠳᠤ᠂ ᠠᠵᠢᠯᠴᠢᠳ ᠶᠠᠭ ᠰᠠᠶᠢᠬᠠᠨ ᠲᠥᠬᠦᠭᠡᠷᠦᠮᠵᠢ ᠶᠢ ᠤᠭᠰᠠᠷᠠᠭᠤᠯᠤᠨ ᠲᠤᠷᠰᠢᠬᠤ | ᠠᠵᠢᠯ ᠢ ᠪᠠᠴᠢᠮ ᠶᠠᠭᠠᠷᠠᠯᠲᠠᠢ ᠬᠢᠵᠦ ᠪᠠᠶᠢᠯ᠎ᠠ᠃ | | | | | ︽ᠬᠤᠪᠣᠷ ᠰᠢᠷᠣᠢ ᠶᠢᠨ ᠭᠠᠯ ᠳᠠᠭᠠᠭᠠᠮᠠᠭᠠᠢ ᠮᠠᠲ᠋ᠧᠷᠢᠶᠠᠯ ᠨᠢ ᠥᠨᠳᠥᠷ ᠬᠠᠯᠠᠭᠤᠨ ᠳᠤ ᠲᠡᠰᠪᠦᠷᠢᠲᠡᠢ᠂ | ᠢᠳᠡᠭᠳᠡᠯ ᠳᠤ ᠲᠡᠰᠪᠦᠷᠢᠲᠡᠢ᠂ ᠡᠨᠧᠷᠭᠢ ᠠᠷᠪᠢᠯᠠᠬᠤ ᠵᠡᠷᠭᠡ ᠣᠨᠴᠠᠯᠢᠭ ᠲᠠᠢ ᠪᠠᠶᠢᠵᠤ᠂ ᠵᠠᠬ᠎ᠠ ᠳᠡᠯᠭᠡᠭᠦᠷ ᠤᠨ ᠬᠡᠲᠦ | ᠶᠢᠨ ᠲᠥᠯᠥᠪ ᠥᠷᠭᠡᠨ ᠠᠭᠤᠳᠠᠮ ᠪᠠᠶᠢᠨ᠎ᠠ᠃ ᠣᠳᠣᠬᠠᠨ ᠳᠤ ᠪᠢᠳᠡ ᠶᠠᠭ 6 ᠦᠢᠯᠡᠳᠪᠦᠷᠢᠯᠡᠯ ᠤᠨ ᠱᠤᠭᠤᠮ ᠤᠨ | ᠪᠦᠲᠦᠭᠡᠨ ᠪᠠᠶᠢᠭᠤᠯᠤᠯᠲᠠ ᠪᠠᠨ ᠱᠠᠯᠠᠪᠳᠠᠨ ᠬᠢᠵᠦ ᠪᠠᠶᠢᠨ᠎ᠠ᠂ ᠵᠢᠱᠢᠯᠲᠡ ᠪᠠᠷ 6 ᠰᠠᠷ᠎ᠠ ᠳᠤ ᠵᠢᠩᠬᠢᠨᠢ ᠪᠠᠷ | ᠦᠢᠯᠡᠳᠪᠦᠷᠢᠯᠡᠯ ᠳᠤ ᠣᠷᠣᠭᠤᠯᠬᠤ ᠪᠣᠯᠣᠨ᠎ᠠ︾᠃ | ᠭᠦᠨ ᠬᠠᠭᠠᠯᠪᠤᠷᠢᠯᠠᠵᠤ ᠭᠢᠯᠠᠶᠢᠯᠭᠠᠬᠤ ᠨᠤᠨᠳᠠᠭ ᠠᠴᠠ ᠭᠢᠯᠠᠶᠢᠯᠭᠠᠬᠤ ᠹᠢᠯᠢᠮ ᠢ ᠰᠤᠳᠤᠯᠤᠨ ᠦᠢᠯᠡᠳᠪᠦᠷᠢᠯᠡᠬᠦ | ᠬᠦᠷᠲᠡᠯ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠡᠷᠦᠬᠡ ᠠᠮᠠ ᠣᠷᠣᠭᠰᠠᠨ ᠠᠴᠠ | ᠨᠠᠰᠢ᠂ ᠪᠤᠭᠤᠲᠤ ᠶᠢᠨ ᠵᠦᠩ ᠺᠧ ᠢᠦᠢ ᠬᠠᠩ ᠭᠢᠯᠠᠶᠢᠯᠭᠠᠬᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠦᠢᠯᠡᠳᠬᠦᠨ ᠲᠠᠰᠤᠷᠠᠯᠲᠠ ᠦᠭᠡᠢ ᠳᠡᠭᠡᠳᠦ ᠲᠦᠪᠰᠢᠨ ᠳᠤ ᠬᠦᠷᠴᠡᠢ᠃ | | | | | ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ | ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠪᠠᠰᠠ ᠬᠡᠯᠬᠢᠶ᠎ᠡ ᠶᠢ | ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠴᠢᠩᠭᠠᠳᠬᠠᠵᠤ᠂ ᠦᠢᠯᠡᠳᠬᠦᠨ ᠤ ᠳᠣᠣᠷᠠᠳᠤ ᠤᠷᠤᠰᠬᠠᠯ ᠳᠠᠰᠢ | ᠲᠠᠰᠤᠷᠠᠯᠲᠠ ᠦᠭᠡᠢ ᠥᠷᠭᠡᠵᠢᠬᠦ ᠶᠢ ᠲᠦᠯᠬᠢᠨ ᠠᠬᠢᠭᠤᠯᠬᠤ ᠬᠡᠷᠡᠭᠲᠡᠢ᠂ ᠡᠨᠡ ᠬᠤᠭᠤᠴᠠᠭᠠᠨ ᠳᠤ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠶᠠᠭ | ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢ ᠬᠠᠪᠰᠤᠷᠤᠨ ᠵᠣᠯᠭᠠᠭᠤᠯᠵᠤ᠂ ᠺᠣᠮᠫᠠᠨᠢ ᠳᠤ ᠠᠺᠠᠳᠧᠮᠢᠴᠢ ᠶᠢᠨ | ᠠᠵᠢᠯ ᠤᠨ ᠥᠷᠲᠡᠭᠡ ᠪᠠᠶᠢᠭᠤᠯᠵᠤ᠂ ᠺᠣᠮᠫᠠᠨᠢ ᠶᠢᠨ ᠦᠢᠯᠡᠳᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ | ᠪᠡᠯᠡᠳᠬᠡᠵᠦ ᠪᠠᠶᠢᠨ᠎ᠠ︾ ᠭᠡᠵᠡᠢ᠃ | | | | | ᠡᠨᠡ ᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠭᠤᠣᠯᠳᠠᠯᠭ᠎ᠠ ᠲᠠᠢ | ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠤᠷᠢᠳᠴᠢᠯᠠᠨ ᠡᠮᠬᠢᠯᠡᠵᠦ᠂ ᠬᠤᠪᠢᠳᠠᠨ ᠬᠠᠮᠢᠶᠠᠷᠴᠤ | ᠪᠦᠬᠦᠢ ᠠᠵᠢᠯ ᠲᠥᠷᠥᠯ ᠤᠨ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠦᠬᠦᠢ ᠲᠥᠷᠥᠯ ᠵᠦᠢᠯ ᠤᠨ | ᠤᠳᠤᠷᠢᠳᠤᠯᠭ᠎ᠠ ᠶᠢᠨ ᠬᠤᠣᠰ ᠲᠣᠬᠢᠷᠠᠭᠤᠯᠤᠯᠲᠠ᠂ ᠭᠠᠷᠠᠭ ᠤᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠵᠤ᠂ | ᠡᠯ᠎ᠡ ᠵᠦᠢᠯ ᠤᠨ ᠭᠠᠷᠳᠠᠮ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠢᠷᠡᠬᠦ ᠶᠢ | ᠬᠦᠯᠢᠶᠡᠵᠦ ᠰᠠᠭᠤᠵᠤ ᠪᠣᠯᠬᠤ ᠦᠭᠡᠢ᠂ ᠬᠠᠷᠢᠨ ᠠᠵᠤ ᠠᠬᠤᠶᠢᠯᠠᠯ ᠢ ᠰᠢᠮᠳᠠᠭᠤᠯᠤᠨ ᠤᠷᠤᠭᠰᠢ ᠳᠠᠪᠰᠢᠭᠤᠯᠵᠤ᠂ | ᠠᠵᠤ ᠠᠬᠤᠶᠢᠯᠠᠯ ᠳᠤ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠭᠡᠵᠣ ᠪᠠᠶᠢᠨ᠎ᠠ᠃ | ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠢᠵᠢᠯᠢ ᠠᠯᠬᠤᠮ ᠢᠶᠠᠷ ᠲᠠᠲᠠᠪᠤᠷᠢᠯᠠᠨ | ᠨᠤᠷᠠᠭᠠᠵᠤ᠂ ᠢᠵᠢᠯᠢ ᠠᠯᠬᠤᠮ ᠢᠶᠠᠷ ᠭᠠᠵᠠᠷ ᠰᠢᠷᠣᠢ ᠶᠢ ᠵᠥᠪᠰᠢᠶᠡᠷᠡᠭᠦᠯᠬᠦ᠂ ᠢᠵᠢᠯᠢ ᠠᠯᠬᠤᠮ ᠢᠶᠠᠷ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ᠂ ᠢᠵᠢᠯᠢ ᠠᠯᠬᠤᠮ ᠢᠶᠠᠷ ᠬᠤᠳᠠᠯᠳᠤᠭᠠᠴᠢᠨ ᠤᠷᠢᠬᠤ ︽ | ᠳᠥᠷᠪᠡᠨ ᠢᠵᠢᠯᠢ ᠠᠯᠬᠤᠮ︾ ᠤᠨ ᠵᠠᠷᠴᠢᠮ ᠶᠣᠰᠣᠭᠠᠷ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ | ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠨᠡ ᠵᠢᠯ ᠪᠦᠬᠦ ᠤᠯᠤᠰ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠬᠦᠴᠦᠷᠬᠡᠭ ᠤᠨ ᠰᠣᠷᠢᠨᠵᠢᠨ ᠮᠠᠲ᠋ᠧᠷᠢᠶᠠᠯ ᠤᠨ ᠠᠵᠤ | ᠠᠬᠤᠶᠢᠯᠠᠯ ᠢ ᠪᠦᠬᠦᠨ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠳᠣᠭᠰᠢᠭᠤᠯᠬᠤ ᠪᠠᠷ | ᠴᠢᠷᠮᠠᠶᠢᠵᠤ᠂ ᠸᠧ ᠯᠦᠩ ᠴᠠᠬᠢᠯᠭᠠᠨ ᠬᠥᠳᠡᠯᠭᠡᠭᠦᠷ᠂ ᠡᠾᠦ᠋ᠢ ᠴᠤᠸᠠᠨ ᠮᠡᠷᠭᠡᠵᠢᠯ ᠵᠡᠷᠭᠡ ᠬᠤᠪᠣᠷ ᠰᠢᠷᠣᠢ ᠶᠢᠨ | ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠦᠷᠦᠯ ᠵᠦᠢᠯ ᠢ 30 ᠠᠴᠠ ᠳᠡᠭᠡᠭᠰᠢ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠳᠤᠭᠠᠷ ᠴᠠᠭᠠᠷᠢᠭ᠂ ᠭᠤᠸᠠᠩ ᠱᠧᠩ ᠶᠢᠦ ᠰᠧ ᠵᠡᠷᠭᠡ ᠬᠤᠪᠣᠷ | ᠰᠢᠷᠣᠢ ᠶᠢᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠢ 15 ᠠᠴᠠ ᠳᠡᠭᠡᠭᠰᠢ ᠣᠷᠣᠭᠤᠯᠤᠨ ᠠᠪᠴᠢᠷᠠᠵᠤ᠂ | ᠴᠦᠩᠴᠢᠩ ᠤᠨ ᠵᠢᠶᠠᠨ ᠴᠤᠸᠠᠩ ᠵᠡᠷᠭᠡ 54 ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠤᠨ | ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ ᠲᠦᠷᠭᠡᠨ ᠭᠠᠷ ᠤᠨ ᠦᠰᠦᠭ ᠵᠢᠷᠤᠬᠤ ᠶᠢ ᠲᠦᠷᠭᠡᠳᠬᠡᠨ᠎ᠡ᠃ ︽ | ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠲᠦᠷᠭᠡᠳᠬᠡᠨ ᠬᠤᠷᠠᠮᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 20 ᠰᠠᠯᠪᠤᠷᠢ ᠪᠠᠭ᠎ᠠ | ᠠᠩᠭᠢ ᠶᠢᠨ ᠬᠦᠴᠦᠨ ᠴᠢᠳᠠᠯ ᠪᠠ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ ᠪᠠᠷ ᠳᠠᠮᠵᠢᠭᠤᠯᠤᠨ ᠳᠡᠭᠡᠳᠦ ᠳᠣᠣᠷᠠᠳᠤ ᠤᠷᠤᠰᠬᠠᠯ ᠤᠨ ᠤᠷᠲᠤᠳᠬᠠᠭᠰᠠᠨ᠂ ᠵᠡᠭᠦᠨ | ᠪᠠᠷᠠᠭᠤᠨ ᠲᠠᠯ᠎ᠠ ᠶᠢᠨ ᠢᠵᠢ ᠪᠦᠷᠢᠳᠦᠭᠰᠡᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠨᠠᠩ ᠣᠯᠠᠨ ᠴᠢᠨᠠᠷ | ᠰᠠᠶᠢᠲᠠᠢ ᠠᠵᠤ ᠠᠬᠤᠶᠢᠯᠠᠯ ᠤᠨ ᠴᠤᠭᠯᠠᠷᠠᠨ ᠬᠥᠭᠵᠢᠬᠦ ᠶᠢ ᠲᠠᠲᠠᠬᠤ ᠬᠡᠷᠡᠭᠲᠡᠢ᠃ |