︽ᠵᠠᠩᠭᠢᠯᠠᠭ᠎ᠠ ᠶᠢᠨ ᠪᠠᠭ᠎ᠠ ᠶᠠᠪᠤᠳᠠᠯ︾ ᠎ ᠢ ᠪᠣᠳᠠᠲᠠᠢ ᠠᠳᠬᠤᠵᠤ᠂ ᠲᠦᠷᠦᠯ ᠬᠤᠪᠢᠶᠠᠬᠤ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/29
    ᠨᠡᠶᠢᠭᠡᠮ ᠣᠷᠣᠨ ᠤ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠬᠦ ᠶᠢᠨ ᠬᠠᠮᠲᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠮᠢᠨ ᠰᠢᠨ ᠵᠠᠮ ᠵᠡᠭᠡᠯᠢ ᠭᠤᠳᠤᠮᠵᠢ ᠶᠢᠨ ᠷᠦᠩ ᠲᠠᠢ ᠵᠠᠮ ᠤᠨ ᠨᠡᠶᠢᠭᠡᠮ ᠲᠣᠭᠤᠷᠢᠭ ᠲᠤ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ᠂ ᠲᠥᠷᠥᠯ ᠬᠤᠪᠢᠶᠠᠬᠤ ᠰᠢᠨ᠎ᠡ ᠬᠡᠪ ᠰᠤᠷᠲᠠᠯ ᠢ ᠬᠠᠮᠲᠤ ᠪᠠᠷ ᠪᠠᠶᠢᠭᠤᠯᠤᠶ᠎ᠠ︾ ᠭᠡᠬᠦ ᠬᠤᠭ ᠨᠣᠪᠰᠢ ᠶᠢ ᠲᠥᠷᠥᠯ ᠬᠤᠪᠢᠶᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠠᠵᠢᠯᠲᠠᠳ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠯ᠎ᠡ ᠲᠥᠷᠥᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠷᠢᠮᠵᠢᠶ᠎ᠠ᠂ ᠵᠥᠪ ᠣᠨᠣᠪᠴᠢᠲᠠᠶ ᠬᠠᠶᠠᠬᠤ ᠠᠷᠭ᠎ᠠ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠠᠴᠢ ᠬᠤᠯᠪᠣᠭᠳᠠᠯ ᠵᠡᠷᠭᠡ ᠬᠠᠮᠢᠶ᠎ᠠ ᠪᠦᠬᠦᠢ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠬᠠᠪᠰᠤᠷᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠲᠠᠨᠢᠯᠲᠠ ᠶᠢ ᠨᠢ ᠳᠡᠭᠡᠭᠰᠢᠯᠡᠭᠦᠯᠵᠦ᠂ ᠲᠡᠳᠡᠨ ᠤ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠰᠠᠶᠢᠨ ᠰᠠᠶᠢᠬᠠᠨ ᠳᠠᠳᠬᠠᠯ ᠢ ᠬᠦᠮᠦᠵᠢᠭᠦᠯᠭᠦ ᠶᠢ ᠡᠷᠭᠢᠮᠯᠡᠪᠠ᠃ ᠲᠤᠬᠠᠢ ᠶᠢᠨ ᠲᠠᠯᠠᠪᠤᠷ ᠲᠤ ᠴᠥᠭᠡᠨ ᠪᠤᠰᠤ ᠰᠠᠭᠤᠭᠠᠯᠢ ᠠᠷᠠᠳ ᠪᠠᠰᠠ ᠬᠤᠭ ᠨᠣᠪᠰᠢ ᠲᠡᠭᠦᠬᠦ ᠠᠵᠢᠯᠯᠠᠭ᠎ᠠ ᠳᠤ ᠣᠷᠣᠯᠴᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠳᠤ ᠡᠬᠢ ᠡᠭᠦᠰᠦᠯ ᠠᠴᠠ ᠨᠢ ᠬᠤᠭ ᠨᠣᠪᠰᠢ ᠲᠡᠭᠦᠬᠦ ᠠᠴᠠ ᠡᠬᠢᠯᠡᠵᠦ ᠬᠢᠭᠰᠡᠨ ᠪᠠᠶᠢᠨ᠎ᠠ᠃
   ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠬᠤᠭ ᠨᠣᠪᠰᠢ ᠶᠢ ᠲᠥᠷᠥᠯ ᠬᠤᠪᠢᠶᠠᠬᠤ ᠣᠶᠢᠯᠠᠭᠠᠭᠳᠠᠬᠤᠨ ᠢ ᠴᠤ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠭᠰᠠᠨ ᠪᠠᠶᠢᠨ᠎ᠠ᠃ ᠵᠠᠯᠭᠠᠭᠠᠳ ᠷᠦᠩ ᠲᠠᠢ ᠵᠠᠮ ᠤᠨ ᠨᠡᠶᠢᠭᠡᠮ ᠣᠷᠣᠨ ᠤ ᠬᠢᠨ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢ ᠦᠷᠭᠦᠯᠵᠢᠯᠡᠨ ᠳᠡᠯᠭᠡᠷᠡᠭᠦᠯᠵᠦ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠨᠡᠩ ᠤᠯᠠᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠤᠭ ᠨᠣᠪᠰᠢ ᠶᠢ ᠲᠦᠷᠦᠯ ᠬᠤᠪᠢᠶᠠᠬᠤ ᠠᠵᠢᠯᠯᠠᠭ᠎ᠠ ᠳᠤ ᠣᠷᠣᠯᠴᠠᠭᠤᠯᠵᠤ᠂ ᠰᠠᠶᠢᠨ ᠰᠠᠶᠢᠬᠠᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号