ᠡᠨᠡ ᠬᠠᠪᠤᠷ᠂ 71 ᠴᠢᠬᠤᠯᠠ ᠶᠡᠭᠡ ᠲᠦᠷᠦᠯ ᠵᠦᠢᠯ ᠤᠨ ᠬᠤᠷᠳᠤᠴᠠ ᠶᠢ ᠲᠦᠷᠭᠡᠳᠭᠡᠪᠠ
ᠨᠡᠶᠢᠲᠡᠯᠡᠭᠰᠡᠨ ᠴᠠᠭ᠄
2024/4/29
    ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ 71 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 573.84 ᠳ᠋ᠦᠩᠰᠢᠭᠤᠷ ᠲᠥᠭᠦᠷᠢᠭ ᠪᠣᠯᠣᠨ᠎ᠠ᠃ ᠠᠵᠤ ᠦᠢᠯᠡᠰ ᠤᠨ ᠲᠥᠷᠥᠯ ᠤᠨ ᠲᠥᠷᠥᠯ ᠵᠦᠢᠯ 61 ᠪᠠᠶᠢᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ 42᠎ ᠶᠢ ᠰᠢᠨ᠎ᠡ ᠪᠠᠷ ᠠᠵᠢᠯ ᠡᠬᠢᠯᠡᠭᠦᠯᠪᠡ᠃ ᠪᠠᠶᠢᠯᠳᠤᠬᠤ ᠪᠣᠳᠣᠯᠭ᠎ᠠ ᠶᠢᠨ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ 32 ᠴᠢᠬᠤᠯᠠ ᠶᠡᠭᠡ ᠵᠦᠢᠯᠡᠰ ᠢ ᠰᠢᠨ᠎ᠡ ᠪᠠᠷ ᠠᠵᠢᠯ ᠡᠬᠢᠯᠡᠭᠦᠯᠪᠡ᠃     ᠭᠤᠣᠯᠳᠠᠯᠭ᠎ᠠ ᠲᠠᠢ ᠲᠦᠷᠦᠯ ᠵᠦᠢᠯ ᠨᠢ ᠠᠵᠤ ᠠᠬᠤᠢ ᠶᠢᠨ ︽ᠲᠣᠭᠲᠠᠪᠤᠷᠢᠵᠢᠭᠤᠯᠤᠭᠴᠢ︾ ᠪᠣᠯᠬᠤ ᠪᠠᠷ ᠪᠠᠷᠠᠬᠤ ᠦᠭᠡᠢ᠂ ᠨᠡᠩ ᠴᠤ ᠬᠥᠭᠵᠢᠯᠲᠡ ᠶᠢᠨ ︽ᠠᠬᠢᠭᠤᠯᠤᠭᠴᠢ︾ ᠪᠣᠯᠣᠨ᠎ᠠ᠃ ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠣᠯᠬᠤ ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠡᠯᠧᠮᠧᠨ᠋ᠲ ᠤᠨ ᠪᠠᠲᠤᠯᠠᠭ᠎ᠠ ᠶᠢ ᠰᠢᠯᠢᠳᠡᠭᠵᠢᠭᠦᠯᠬᠦ ᠠᠵᠢᠯᠯᠠᠭ᠎ᠠ ︽ᠭᠤᠷᠪᠠᠨ ᠠᠵᠢᠯᠯᠠᠭ᠎ᠠ︾᠎ ᠪᠠᠷ ᠡᠬᠢᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠤᠨ ᠡᠯᠭᠦᠭᠡ ᠵᠢᠷᠤᠭ ᠲᠠᠢ ᠪᠠᠶᠢᠯᠳᠤᠭᠠᠨ ᠤ ᠰᠢᠪᠠᠳᠠᠨ ᠭᠦᠢᠴᠡᠳᠬᠡᠬᠦ ᠰᠢᠰᠲ᠋ᠧᠮ ᠢ ᠪᠠᠶᠢᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠲᠠᠯᠠᠰᠲᠤ ᠴᠠᠬᠢᠭᠤᠷ ᠬᠡᠷᠡᠯ ᠸᠣᠯᠲ᠂ ᠡᠨᠧᠷᠭᠢ ᠬᠠᠳᠠᠭᠠᠯᠠᠬᠤ ︵ᠤᠰᠤᠲᠥ᠋ᠷᠥᠭᠴᠢ ᠡᠨᠧᠷᠭᠢ︶᠎ ᠶᠢᠨ ᠠᠵᠤ ᠦᠢᠯᠡᠰ᠂ ᠵᠡᠰ ᠬᠥᠩᠭᠡᠨ ᠴᠠᠭᠠᠨ ᠢ ᠨᠠᠷᠢᠯᠢᠭ ᠡᠳ᠋ᠰᠢᠭᠦᠯᠬᠦ ᠵᠡᠷᠭᠡ 20 ᠬᠤᠳᠠᠯᠳᠤᠭᠠᠴᠢᠨ ᠤᠷᠢᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠭᠠᠵᠠᠷ ᠰᠢᠷᠣᠢ ᠶᠢ ᠲᠠᠳᠠᠪᠦᠷᠢᠯᠠᠬᠤ᠂ ᠵᠠᠮ᠂ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠠᠭᠤᠷᠢ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠥᠷᠥᠯ ᠵᠦᠢᠯ ᠢ ᠳᠠᠭᠠᠵᠤ᠂ ᠠᠵᠤ ᠠᠬᠤᠶᠢᠯᠠᠯ ᠢ ᠲᠣᠭᠤᠷᠢᠨ ᠰᠢᠯᠵᠢᠵᠦ᠂ ᠪᠥᠬᠦ ᠬᠦᠴᠦᠨ ᠢᠶᠠᠷ ᠢᠶᠠᠨ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠡᠬᠢᠯᠡᠯᠲᠡ ᠲᠠᠢ᠂ ᠤᠯᠠᠷᠢᠯ ᠤᠨ ᠬᠥᠭᠵᠢᠯᠲᠡ ᠶᠢ ᠪᠡᠶᠡᠯᠡᠭᠦᠯᠵᠦ᠂ ᠪᠥᠬᠦ ᠵᠢᠯ ᠳᠤ ᠰᠠᠭᠤᠷᠢ ᠶᠢ ᠪᠠᠲᠤ ᠪᠠᠬᠢ ᠴᠣᠭᠴᠠᠯᠪᠠ᠃
    ᠣᠷᠣᠨ ᠳᠤ ᠰᠠᠭᠤᠵᠤ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠪᠣᠯᠣᠨ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ  ᠶᠢ ᠡᠷᠲᠡᠬᠡᠨ ᠵᠥᠪ ᠵᠠᠮ ᠳᠤ ᠣᠷᠣᠭᠤᠯᠬᠤ  ᠶᠢ ᠠᠬᠢᠭᠤᠯᠬᠤ ᠶᠢᠨ ᠲᠥᠯᠥᠭᠡ᠂ ᠵᠢᠯ ᠤᠨ ᠡᠬᠢᠨ ᠠᠴᠠ ᠡᠬᠢᠯᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠢ ᠶᠢᠨ ᠬᠥᠭᠵᠢᠯᠲᠡ ᠶᠢᠨ ︽ᠨᠢᠭᠡᠳᠦᠭᠡᠷ ᠬᠥᠳᠡᠯᠭᠡᠭᠦᠷ︾ ᠪᠣᠯᠭᠠᠵᠤ᠂ ︽ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠶᠢᠨ ᠠᠵᠢᠯ ᠮᠥᠨ᠂ ᠠᠩᠬᠠᠨ ᠤ ᠳᠠᠶᠢᠯᠠᠯᠳᠤᠭᠠᠨ ᠪᠣᠯ ᠰᠢᠢᠳᠪᠦᠷᠢᠲᠦ ᠳᠠᠶᠢᠯᠠᠯᠳᠤᠭᠠᠨ ᠮᠥᠨ︾ ᠭᠡᠬᠦ ᠵᠠᠪᠠᠯ ᠢᠯᠠᠬᠤ ᠰᠡᠳᠬᠢᠯ ᠢᠶᠠᠷ᠂ ︽ᠠᠵᠢᠯᠯᠠᠪᠠᠯ ᠰᠠᠶᠢᠲᠤᠷ ᠬᠢᠵᠦ᠂ ᠬᠠᠮᠤᠭ ᠤᠨ ᠰᠠᠶᠢᠨ ᠬᠢᠬᠦ︾ ᠬᠠᠷᠢᠭᠤᠴᠠᠯᠭᠠᠲᠤ ᠰᠡᠳᠬᠢᠯᠭᠡ ᠪᠠᠷ ︽ᠣᠮᠤᠭ ᠵᠣᠷᠢᠭ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠬᠤ︾ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃ ᠲᠦᠷᠦᠯ ᠵᠦᠢᠯ ᠨᠢᠭᠡᠪᠦᠷᠢ ᠶᠢᠨ ᠪᠣᠳᠠᠲᠠᠢ ᠠᠵᠢᠯ ᠡᠬᠢᠯᠡᠭᠦᠯᠬᠦ᠂ ᠬᠥᠮᠥᠷᠭᠡ ᠳᠤ ᠣᠷᠣᠭᠤᠯᠬᠤ᠂ ᠠᠰᠢᠭᠯᠠᠯᠲᠠ ᠳᠤ ᠣᠷᠣᠭᠤᠯᠬᠤ᠂ ᠨᠢᠭᠡᠳᠦᠯᠲᠡᠢ ᠪᠣᠯᠭᠠᠬᠤ ᠴᠠᠭ ᠬᠤᠭᠤᠴᠠᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠲᠦᠷᠦᠯ ᠵᠦᠢᠯ ᠨᠢᠭᠡᠪᠦᠷᠢ ᠶᠢᠨ ᠭᠤᠭᠴᠤᠭ᠎ᠠ ᠶᠢᠨ ᠠᠬᠢᠴᠠ ᠶᠢ ᠪᠣᠳᠠᠲᠠᠢ ᠠᠯᠢ ᠡᠳᠦᠷ ᠲᠤ ᠬᠦᠷᠲᠡᠯ᠎ᠡ ᠲᠣᠭᠲᠠᠭᠠᠬᠤ ᠶᠢᠨ ᠬᠠᠮᠲᠤ ᠠᠵᠢᠯ ᠤᠨ ᠬᠤᠭᠤᠴᠠᠭ᠎ᠠ ᠶᠢ ᠪᠤᠴᠠᠭᠠᠨ ᠪᠠᠶᠢᠷᠢᠯᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠡᠷᠴᠢᠯᠡᠭᠦᠷ ᠢᠶᠠᠨ ᠴᠢᠩᠭᠠᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠢᠬᠤᠯᠠ ᠶᠡᠭᠡ ᠲᠦᠷᠦᠯ ᠵᠦᠢᠯ ᠢ ᠠᠯᠢ ᠲᠦᠷᠭᠡᠨ ᠢᠶᠠᠷ ᠦᠨᠡᠨ ᠪᠣᠳᠠᠲᠠᠢ ᠪᠠᠷ ᠠᠵᠢᠯ ᠡᠬᠢᠯᠡᠭᠦᠯᠬᠦ᠂ ᠠᠯᠢ ᠲᠦᠷᠭᠡᠨ ᠢᠶᠠᠷ ᠠᠵᠢᠯ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠲᠦᠷᠦᠯ ᠵᠦᠢᠯ ᠤᠨ ᠤᠳᠤᠷᠢᠳᠤᠯᠭ᠎ᠠ ᠶᠢᠨ ᠬᠤᠣᠰ ᠲᠣᠬᠢᠷᠠᠭᠤᠯᠤᠯᠲᠠ᠂ ᠭᠠᠷᠠᠭ ᠤᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠢ ᠠᠵᠤ ᠠᠬᠤᠶᠢᠯᠠᠯ ᠢ ᠬᠠᠮᠵᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠢᠳᠡᠪᠬᠢᠲᠡᠢ ᠪᠠᠷ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃     ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠢᠨ ᠯᠢ ᠲᠣᠭᠲᠠᠮᠠᠯ ᠰᠣᠷᠢᠨᠵᠢᠨ ᠤ ᠵᠢᠯ ᠳᠤ 15000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠦᠢᠯᠡᠳᠪᠦᠷᠢᠯᠡᠬᠦ᠂ ᠠᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 15000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠦᠢᠯᠡᠳᠪᠦᠷᠢᠯᠡᠬᠦ᠂ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 20000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠦᠢᠯᠡᠳᠪᠦᠷᠢᠯᠡᠬᠦ ᠵᠢᠴᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠢ ᠳᠡᠯᠡᠬᠡᠢ ᠶᠢᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠪᠣᠯᠭᠠᠬᠤ ᠪᠠᠷ ᠴᠢᠷᠮᠠᠶᠢᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠣ ᠪᠠᠶᠢᠨ᠎ᠠ᠃
    ᠡᠭᠦᠨ ᠤ ᠬᠠᠮᠲᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠦᠨᠵᠡᠭᠡᠢ ᠨᠤᠲᠠᠯᠠᠯᠲᠠ ᠬᠢᠵᠦ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠲᠦᠷᠦᠯ ᠵᠦᠢᠯ ᠢ ᠨᠥᠭᠡᠴᠡᠯᠡᠬᠦ ᠠᠵᠢᠯ ᠢ ᠤᠷᠳᠤ ᠬᠤᠭᠤᠴᠠᠭ᠎ᠠ ᠪᠠᠷ ᠠᠳᠬᠤᠬᠤ᠂ ᠦᠷᠭᠦᠯᠵᠢᠯᠡᠨ ᠠᠳᠬᠤᠬᠤ᠂ ᠬᠥᠳᠡᠯᠦᠩᠭᠦᠢ ᠪᠠᠷ ᠠᠳᠬᠤᠬᠤ ᠶᠢ ᠪᠠᠷᠢᠮᠲᠠᠯᠠᠵᠤ᠂ ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠠᠵᠢᠯ ᠡᠬᠢᠯᠡᠭᠦᠯᠦᠨ ᠨᠢᠭᠡ ᠪᠦᠯᠦᠭ ᠢ ᠠᠰᠢᠭᠯᠠᠯᠲᠠ ᠳᠤ ᠣᠷᠣᠭᠤᠯᠵᠤ᠂ ᠸᠧ ᠯᠦᠩ ᠴᠠᠬᠢᠯᠭᠠᠨ ᠬᠥᠳᠡᠯᠭᠡᠭᠦᠷ᠂ ᠬᠤᠢ ᠴᠤᠸᠠᠨ ᠮᠡᠷᠭᠡᠵᠢᠯ ᠵᠡᠷᠭᠡ 54 ᠲᠦᠷᠦᠯ ᠵᠦᠢᠯ ᠢ ᠢᠳᠡᠪᠬᠢᠲᠡᠢ ᠵᠣᠯᠭᠠᠭᠤᠯᠵᠤ᠂ ᠪᠦᠬᠦ ᠵᠢᠯ ᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠢ 45᠎ ᠠᠴᠠ ᠳᠡᠭᠡᠭᠰᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠤᠨ ᠠᠪᠴᠢᠷᠠᠭᠠᠳ ᠠᠳᠠᠯᠢ ᠬᠤᠭᠤᠴᠠᠭᠠᠨ ᠤ ᠬᠢ ᠠᠴᠠ 15%᠎ ᠠᠴᠠ ᠳᠡᠭᠡᠭᠰᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠢ ᠬᠤᠷᠠᠮᠳᠤᠭᠤᠯᠬᠤ ᠪᠠᠷ ᠴᠢᠷᠮᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号